2021 ᠣᠨ ᠤ 1 - 2 ᠰᠠᠷ᠎ᠠ ᠳᠤ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠳᠡᠭᠡᠳᠦ ᠱᠠᠲᠤᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠦᠯᠦᠪᠵᠢᠬᠦᠯᠦᠭᠰᠡᠨ ᠦᠷ᠎ᠡ ᠪᠦᠲᠦᠮᠵᠢ ᠦᠷᠭᠦᠯᠵᠢᠯᠡᠨ ᠢᠯᠡᠷᠡᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ᠂ ᠠᠵᠤ ᠦᠢᠯᠡᠳᠪᠦᠷᠢ ᠪᠠ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ | ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ ᠤᠯᠤᠰ ᠠᠷᠠᠳ ᠤᠨ ᠠᠵᠤ ᠠᠬᠤᠶ ᠦᠷᠭᠦᠯᠵᠢᠯᠡᠨ | ᠲᠣᠭᠲᠠᠭᠤᠨ ᠢᠶᠠᠷ ᠰᠡᠷᠭᠦᠪᠡ᠃ | ᠪᠦᠷᠢᠳᠬᠡᠯ ᠢ ᠦᠨᠳᠦᠰᠦᠯᠡᠪᠡᠯ᠂ 1 - 2 ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 216.6% ᠪᠠᠷ ᠨᠡᠮᠡᠭᠳᠡᠵᠦ᠂ ᠪᠥᠬᠦ ᠬᠤᠲᠠ ᠶᠢᠨ | ᠲᠡᠭᠰᠢᠳᠭᠡᠭᠰᠡᠨ ᠬᠢᠷᠢ ᠲᠦᠪᠰᠢᠨ ᠠᠴᠠ ᠵᠠᠭᠤᠨ ᠤ ᠬᠠᠷᠢᠴᠠᠯ ᠢᠶᠠᠷ 125.9 ᠬᠤᠪᠢ ᠥᠨᠳᠥᠷ ᠪᠣᠯᠵᠣ᠂ 2019 | ᠣᠨ ᠤ ᠬᠢ ᠠᠴᠠ 2 ᠳᠠᠬᠢᠨ ᠨᠡᠮᠡᠭᠳᠡᠵᠦ᠂ ᠬᠤᠶᠠᠷ ᠵᠢᠯ ᠳᠤ ᠵᠢᠯ ᠳᠤᠮᠳᠠᠴᠢ ᠪᠠᠷ 73.7% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 14.3 % ᠪᠠᠷ ᠨᠡᠮᠡᠭᠳᠡᠵᠦ᠂ 2019 ᠣᠨ ᠤ ᠬᠢ ᠠᠴᠠ 34.9 % ᠪᠠᠷ ᠨᠡᠮᠡᠭᠳᠡᠵᠦ | ᠂ ᠬᠤᠶᠠᠷ ᠵᠢᠯ ᠳᠤ ᠵᠢᠯ ᠳᠤᠮᠳᠠᠴᠢ ᠪᠠᠷ 16.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠢ | ᠵᠢᠵᠢᠭᠯᠡᠨ ᠪᠤᠷᠤᠯᠠᠭᠤᠯᠤᠬᠰᠠᠨ ᠪᠥᠬᠦ ᠬᠡᠮᠵᠢᠶ᠎ᠡ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 25.9% ᠪᠠᠷ | ᠨᠡᠮᠡᠭᠳᠡᠵᠦ᠂ 2019 ᠣᠨ ᠤ ᠬᠢ ᠠᠴᠠ 5.1% ᠪᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 2.6 | % ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 4.04 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 28.0% ᠨᠡᠮᠡᠭᠳᠡᠪᠡ᠃ |