3 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠳ᠋ᠢᠩ ᠺᠠᠶ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ | ᠬᠦᠷᠢᠶᠡᠯᠡᠩ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠤᠭᠤᠲᠤ ᠶᠢᠨ | ᠲᠡᠮᠦᠷᠯᠢᠭ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠡᠤ ᠭᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠲᠤᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠪᠤᠷᠬᠠᠨᠲᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ | ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠬᠠᠪᠤᠷ ᠤᠨ ᠬᠤᠭᠤᠰ ᠤᠨ ᠤᠯᠠᠷᠢᠯ ᠤᠨ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ | ᠬᠦᠷᠢᠶᠡᠯᠡᠩ ᠲᠣᠭᠤᠷᠢᠭ ᠤᠨ ᠠᠭᠠᠷ ᠤᠨ ᠳᠤᠯᠠᠭᠠᠨ ᠮᠦᠨ ᠲᠡᠭ ᠠᠴᠠ ᠳᠣᠷᠣᠭᠰᠢ ᠪᠠᠶᠢᠵᠤ᠂ ᠰᠠᠯᠬᠢᠨ ᠤ ᠬᠦᠴᠦ ᠨᠢ | 5 ᠲᠠᠰ ᠲᠤ ᠬᠦᠷᠴᠦ ᠪᠠᠶᠢᠯ᠎ᠠ᠃ ᠭᠡᠪᠡᠴᠦ ᠲᠦᠩ ᠸᠧᠶ ᠶᠢᠨ ᠬᠤᠶᠠᠳᠤᠭᠠᠷ ᠬᠤᠭᠤᠴᠠᠭ᠎ᠠ᠂ ᠮᠧᠶ ᠺᠧ ᠶᠢᠨ | ᠬᠤᠶᠠᠳᠤᠭᠠᠷ ᠬᠤᠭᠤᠴᠠᠭ᠎ᠠ᠂ ᠡᠷᠬᠢᠯᠳᠡᠳᠤ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ | ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠶ ᠶᠢᠨ ᠲᠠᠯᠠᠪᠠᠶ ᠨᠢ ᠬᠠᠷᠢᠨ ᠬᠥᠷ ᠬᠥᠭᠵᠢᠶᠡᠨ ᠢᠶᠠᠷ ᠪᠢᠯᠬᠠᠵᠤ | ᠪᠠᠶᠢᠯ᠎ᠠ᠃ ᠳ᠋ᠢᠩ ᠺᠠᠶ ᠨᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ ᠳᠤ | ᠭᠦᠨᠵᠡᠭᠡᠶᠢᠷᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ᠂ ᠵᠥᠩ ᠴᠧᠩ ᠤᠨ ᠲᠡᠬᠢᠨ ᠡᠬᠦᠰᠴᠦ ᠪᠤᠯᠬᠤ ᠡᠬᠢ ᠪᠠᠶᠠᠯᠢᠭ ᠤᠨ ᠲᠥᠷᠥᠯ ᠵᠦᠢᠯ ᠤᠨ | ᠠᠬᠤᠶ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ | ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠬᠠᠪᠰᠤᠷᠴᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ | ᠬᠡᠷᠡᠭᠲᠡᠶ ᠭᠡᠵᠦ ᠱᠠᠭᠠᠷᠳᠠᠪᠠ᠃ | ᠲᠦᠩ ᠸᠧᠶ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠶ ᠳᠤ᠂ ᠳ᠋ᠢᠩ ᠺᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠷᠥᠯ ᠵᠦᠢᠯ ᠤᠨ ᠡᠵᠡᠯᠡᠬᠦ | ᠲᠠᠯᠠᠪᠠᠶ᠂ ᠥᠨᠳᠥᠷ ᠤᠨ ᠪᠠᠷᠢᠮᠵᠢᠶ᠎ᠠ ᠬᠡᠮᠵᠢᠯᠲᠡ ᠵᠢᠴᠢ ᠭᠠᠷᠳᠠᠮ ᠬᠦᠢᠴᠡᠳᠬᠡᠭᠰᠡᠨ ᠵᠡᠷᠭᠡ ᠬᠠᠮᠢᠶ᠎ᠠ ᠪᠥᠬᠦᠶ ᠠᠵᠢᠯ ᠤᠨ | ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠠᠵᠤ ᠠᠬᠤᠶᠢᠯᠠᠯ ᠤᠨ ᠣᠶᠢᠷ᠎ᠠ ᠶᠢᠨ | ᠬᠤᠭᠤᠴᠠᠭᠠᠨ ᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠠᠮᠤᠷ ᠲᠦᠪᠰᠢᠨ ᠤ ᠦᠨᠡᠯᠡᠯᠲᠡ ᠵᠡᠷᠭᠡ | ᠬᠠᠮᠢᠶ᠎ᠠ ᠪᠥᠬᠦᠶ ᠭᠠᠷᠳᠠᠮ ᠢ ᠬᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ | ᠣᠶᠢᠯᠠᠭᠠᠭᠰᠠᠨ ᠤ ᠳᠠᠷᠠᠭ᠎ᠠ᠂ ᠳ᠋ᠢᠩ ᠺᠠᠶ ᠠᠴᠠ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠨᠢᠬᠡᠴᠢ᠂ ᠰᠠᠯᠠᠭ᠎ᠠ ᠮᠥᠴᠢᠷ ᠢ ᠢᠳᠡᠪᠬᠢᠲᠡᠶ | ᠪᠥᠭᠡᠳ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠮᠵᠢᠨ ᠲᠥᠷᠥᠯ ᠵᠦᠢᠯ ᠤᠨ ᠭᠠᠷᠳᠠᠮ ᠬᠦᠢᠴᠡᠳᠬᠡᠬᠦ ᠶᠢ | ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ | ᠣᠷᠣᠭᠤᠯᠬᠤ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ | ᠮᠧᠶ ᠺᠧ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠢ | ᠲᠠᠯᠠᠪᠠᠶ ᠳᠤ᠂ ᠳ᠋ᠢᠩ ᠺᠠᠶ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ | ᠦᠵᠡᠵᠦ᠂ ᠪᠠᠷᠢᠯᠭ᠎ᠠ ᠶᠢᠨ ᠲᠠᠯ᠎ᠠ ᠶᠢᠨ ᠬᠢᠨ ᠢ ᠠᠵᠢᠯ ᠲᠥᠷᠥᠯ ᠤᠨ ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ | ᠶᠣᠰᠣᠭᠠᠷ᠂ ᠲᠤᠬᠠᠶ ᠶᠢᠨ ᠭᠠᠵᠠᠷ ᠤᠨ ᠬᠠᠮᠢᠶᠠᠷᠤᠯᠲᠠ ᠪᠠ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ | ᠬᠥᠮᠦᠵᠢᠯ ᠢ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ | ᠤᠷᠢᠲᠠᠯ ᠳᠤᠤᠷ᠎ᠠ᠂ ᠪᠥᠬᠦ ᠬᠦᠴᠦᠨ ᠢᠶᠠᠷ ᠢᠶᠠᠨ ᠠᠬᠢᠴᠠ ᠶᠢ ᠠᠮᠵᠢᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ | ᠵᠠᠰᠠᠭ ᠠᠵᠤ ᠠᠬᠤᠶᠢᠯᠠᠯ ᠦᠷᠭᠦᠯᠵᠢᠯᠡᠨ ᠬᠠᠮᠵᠢᠯᠴᠠᠨ ᠬᠦᠴᠦᠯᠡᠵᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ︽ᠬᠤᠷᠳᠤᠴᠠ ᠪᠠᠨ ᠲᠦᠷᠭᠡᠳᠬᠡᠬᠦ︾ ᠶᠢ ᠠᠬᠢᠭᠤᠯᠵᠤ᠂ ᠲᠥᠷᠥᠯ ᠵᠦᠢᠯ ᠤᠨ ᠡᠷᠲᠡᠬᠡᠨ | ᠪᠠᠷᠢᠯᠭ᠎ᠠ ᠳᠠᠭᠤᠰᠴᠤ᠂ ᠡᠷᠲᠡᠬᠡᠨ ᠠᠰᠢᠭᠯᠠᠯᠲᠠ ᠳᠤ ᠤᠷᠤᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠳ᠋ᠢᠩ ᠺᠠᠶ᠂ ᠪᠦᠬᠦ ᠲᠤᠭᠤᠷᠢᠭ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠨᠢᠭᠡᠴᠢ᠂ ᠰᠠᠯᠠᠭ᠎ᠠ ᠮᠥᠴᠢᠷ ᠤᠳ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠠᠵᠢᠯ ᠢᠶᠠᠨ ᠰᠠᠶᠢᠲᠤᠷ ᠬᠢᠵᠦ ᠰᠠᠶᠢᠲᠤᠷ ᠪᠦᠳᠦᠭᠡᠵᠤ᠂ ᠠᠮᠢ | ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠰᠢᠨ᠎ᠡ | ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠮᠠᠨ ᠤ ᠲᠤᠭᠤᠷᠢᠭ ᠤᠨ ︽ᠳᠥᠷᠪᠡᠨ ᠰᠠᠭᠤᠷᠢᠨ ᠭᠤᠷᠪᠠᠨ ᠣᠷᠣᠨ︾ ᠤ | ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠣᠳᠣᠬᠠᠨ ᠤ ᠲᠥᠷᠥᠯ ᠵᠦᠢᠯ ᠤᠨ ᠪᠦᠳᠦᠬᠡᠨ | ᠪᠠᠶᠢᠭᠤᠯᠤᠯᠳᠠ ᠶᠢᠨ ᠪᠠᠷᠢᠯᠭ᠎ᠠ ᠶᠢᠨ ᠰᠢᠵᠢᠷ ᠠᠯᠲᠠᠨ ᠴᠠᠭ ᠢ ᠠᠮᠵᠢᠵᠤ᠂ 2021 ᠣᠨ ᠳᠤ ᠬᠡᠷᠡᠭᠵᠢᠭᠦᠯᠬᠦ ᠪᠠᠷ | ᠲᠣᠭᠲᠠᠭᠠᠭᠰᠠᠨ 90 ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ︽ᠬᠦᠴᠦᠷᠬᠡᠭ | ᠬᠥᠳᠡᠯᠭᠡᠭᠦᠷ︾ ᠬᠠᠩᠭᠠᠬᠤ ᠬᠡᠷᠡᠭᠳᠡᠢ ᠬᠡᠵᠤ ᠵᠢᠭᠠᠵᠤ ᠭᠠᠷᠭᠠᠬᠰᠠᠨ ᠪᠠᠶᠢᠨ᠎ᠠ᠃ | ᠳ᠋ᠢᠩ ᠺᠠᠶ᠂ ᠡᠨᠡ ᠵᠢᠯ ᠤᠨ ᠪᠤᠭᠤᠲᠤ ᠬᠤᠲᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠮᠧᠩ ᠹᠠᠨ ᠯᠢ ᠬᠤᠶᠠᠷ ᠤᠳᠠᠭ᠎ᠠ ᠬᠥᠨᠳᠡᠯᠡᠨ ᠲᠣᠭᠤᠷᠢᠭ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠵᠢᠭᠠᠪᠤᠷᠢ ᠦᠭᠴᠦ ᠱᠠᠭᠠᠷᠳᠠᠯᠭ᠎ᠠ ᠭᠠᠷᠭᠠᠵᠤ᠂ | ᠬᠥᠨᠳᠡᠯᠡᠨ ᠲᠣᠭᠤᠷᠢᠭ ᠲᠤ ︽ᠰᠠᠶᠢᠨ ᠳᠠᠭᠠᠭᠤᠯᠤᠭᠴᠢ ᠪᠤᠯᠵᠤ᠂ ᠬᠤᠰᠢᠭᠤᠴᠢ ᠪᠣᠯᠬᠤ ᠪᠠᠷ ᠴᠢᠷᠮᠠᠶᠢᠵᠤ᠂ ᠵᠢᠱᠢᠶ᠎ᠡ | ᠦᠵᠡᠭᠦᠯᠬᠦ ᠣᠷᠣᠨ ᠢ ᠪᠦᠳᠦᠬᠡᠨ ᠪᠠᠶᠢᠭᠤᠯᠵᠤ᠂ ᠬᠦᠳᠡᠯᠬᠡᠬᠦᠷ ᠢ ᠴᠤᠬᠴᠠᠯᠠᠬᠤ ᠬᠡᠷᠡᠭᠳᠡᠢ︾ ᠬᠡᠬᠦ ᠴᠢᠩ | ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠠᠢ᠂ ᠡᠯ᠎ᠡ ᠨᠢᠭᠡᠴᠢ᠂ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠬᠦᠨᠵᠡᠬᠡᠶᠢᠷᠡᠬᠦᠯᠵᠤ᠂ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ | ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠦᠴᠢᠷᠳᠡᠯ ᠪᠠ ᠠᠰᠠᠭᠤᠳᠠᠯ ᠢ ᠨᠢ | ᠰᠢᠢᠳᠪᠦᠷᠢᠯᠡᠨ ᠥᠭᠬᠦ ᠬᠡᠷᠡᠭᠲᠡᠶ᠂ ᠡᠬᠢᠯᠡᠭᠰᠡᠬᠡᠷ ᠰᠶᠢᠳᠪᠦᠷᠢᠳᠤ ᠲᠠᠶᠢᠯᠠᠯᠳᠤᠭᠠᠨ ᠬᠢᠬᠦ᠂ ᠡᠬᠢᠯᠡᠮᠡᠭᠴᠡ ᠡᠴᠦᠰ ᠤᠨ | ᠱᠤᠭᠤᠮ ᠢ ᠰᠢᠪᠳᠤᠯᠬᠤ ᠠᠷᠠᠯ ᠤᠨ ᠱᠠᠷ ᠤᠨ ᠬᠦᠴᠦᠨ ᠪᠠ ᠵᠤᠷᠢᠭ ᠢᠶᠠᠷ᠂ ᠬᠦᠴᠢᠷ ᠢ ᠲᠤᠭᠤᠯᠤᠨ ᠪᠡᠷᠭᠡ ᠶᠢ | ᠲᠠᠪᠠᠵᠤ᠂ ᠦᠨᠡᠨ ᠬᠦ ᠠᠳᠬᠤᠵᠤ ᠪᠣᠳᠠᠲᠠᠶ ᠠᠵᠢᠯᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠬᠰᠠᠨ ᠪᠠᠶᠢᠨ᠎ᠠ᠃ |