ᠲᠦᠷᠦᠭᠦᠬᠡᠨ᠂ ᠮᠠᠨ ᠤ ᠲᠤᠭᠤᠷᠢᠭ ︽ᠵᠠᠰᠠᠭ ᠠᠵᠤ ᠠᠬᠤᠶᠢᠯᠠᠯ ᠢ ᠨᠡᠪᠲᠡᠷᠡᠭᠦᠯᠬᠦ︾ ᠶᠡᠷᠦᠩᠬᠡᠶᠢᠯᠡᠭᠰᠡᠨ | ᠦᠢᠯᠡᠴᠢᠯᠡᠬᠡᠨ ᠤ ᠲᠠᠪᠴᠠᠩ ᠢ ᠠᠰᠢᠬᠯᠠᠯᠳᠠ ᠳᠤ ᠤᠷᠤᠭᠤᠯᠵᠤ ︽ᠴᠥᠭᠡᠨ ᠰᠠᠶᠢᠨ ᠲᠦᠷᠭᠡᠨ︾ ᠲᠡᠷᠢᠭᠦᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠬᠰᠠᠨ ᠪᠣᠭᠤᠮᠢ ᠶᠢ ᠪᠦᠲᠦᠮᠵᠢᠲᠡᠶ ᠰᠢᠢᠳᠪᠦᠷᠢᠯᠡᠵᠤ᠂ ᠪᠥᠬᠦ | ᠲᠤᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠠᠬᠢᠭᠤᠯᠪᠠ᠃ ︽ᠵᠠᠰᠠᠭ ᠠᠵᠤ ᠠᠬᠤᠶᠢᠯᠠᠯ ᠨᠡᠪᠲᠡᠷᠡᠬᠦ︾ ᠲᠠᠪᠴᠠᠩ ᠨᠢ PC ᠦᠵᠦᠬᠦᠷᠯᠢᠭ | ᠪᠠ ᠭᠠᠷ ᠤᠲᠠᠰᠤᠨ ᠤ ᠦᠵᠦᠬᠦᠷᠯᠢᠭ ᠬᠤᠶᠠᠷ ᠵᠦᠢᠯ ᠤᠨ ᠬᠡᠯᠪᠡᠷᠢ ᠪᠠᠷ ᠶᠠᠪᠤᠬᠳᠠᠵᠤ᠂ ᠤᠶᠤᠨᠲᠤ ᠬᠥᠨᠳᠡᠯᠡᠨ ︽ | ᠳ᠋ᠢᠩ ᠳ᠋ᠢᠩ ︾ ᠪᠠ ᠤᠶᠤᠨᠲᠤ ᠬᠥᠨᠳᠡᠯᠡᠨ ᠵᠢᠷᠬᠢᠶ᠎ᠠ ᠨᠡᠶᠢᠲᠡ ᠶᠢᠨ ᠲᠠᠪᠴᠠᠩ ᠬᠤᠶᠠᠷ ᠵᠦᠢᠯ ᠤᠨ ᠠᠷᠭ᠎ᠠ ᠵᠠᠮ ᠢᠶᠠᠷ | ᠠᠵᠢᠯᠯᠠᠪᠡ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠪᠠᠭᠳᠠᠭᠠᠭᠠᠳ᠂ ᠠᠵᠤ ᠠᠬᠤᠶᠢᠯᠠᠯ ᠤᠨ ᠠᠰᠠᠭᠤᠳᠠᠯ ᠢ | ᠰᠢᠢᠳᠪᠦᠷᠢᠯᠡᠬᠦ᠂ ᠠᠵᠤ ᠠᠬᠤᠶᠢᠯᠠᠯ ᠤᠨ ᠰᠠᠨᠠᠭᠤᠯᠭ᠎ᠠ ᠪᠠ ᠢᠯᠡᠴᠢᠯᠡᠨ ᠵᠠᠭᠠᠯᠳᠤᠯᠭ᠎ᠠ᠂ ᠲᠦᠷᠦ ᠶᠢᠨ ᠪᠤᠳᠤᠯᠭ᠎ᠠ ᠶᠢᠨ | ᠦᠢᠯᠡᠴᠢᠯᠡᠭᠡ᠂ ᠠᠵᠤ ᠠᠬᠤᠶᠢᠯᠠᠯ ᠤᠨ ᠤᠴᠢᠷ ᠶᠠᠪᠤᠳᠠᠯ ᠬᠦᠢᠴᠡᠳᠬᠡᠬᠦ᠂ ᠠᠵᠤ ᠠᠬᠤᠶᠢᠯᠠᠯ ᠤᠨ ᠬᠠᠮᠢᠶᠠᠷᠤᠭᠴᠢ᠂ | ᠨᠡᠪᠲᠡᠷᠡᠯᠴᠡᠭᠡ ᠰᠣᠯᠢᠯᠴᠠᠭ᠎ᠠ᠂ ᠦᠨᠡᠯᠡᠨ ᠰᠢᠯᠭᠠᠬᠤ ᠪᠠ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠴᠢᠳᠠᠮᠵᠢ ᠨᠢ | ᠵᠠᠰᠠᠭ ᠠᠵᠤ ᠠᠬᠤᠶᠢᠯᠠᠯ ᠤᠨ ᠠᠰᠠᠭᠤᠳᠠᠯ ᠢ ᠲᠤᠰᠬᠠᠬᠤ᠂ ᠴᠤᠭᠯᠠᠭᠤᠯᠬᠤ᠂ ᠲᠤᠰᠢᠶᠠᠨ ᠰᠢᠢᠳᠪᠦᠷᠢᠯᠡᠬᠦᠯᠬᠦ᠂ | ᠨᠠᠶᠢᠳᠠᠪᠤᠷᠢᠵᠢᠭᠤᠯᠬᠤ᠂ ᠱᠠᠯᠠᠪᠳᠠᠨ ᠬᠦᠢᠴᠡᠳᠭᠡᠯᠬᠡᠬᠦ᠂ ᠬᠠᠷᠢᠭᠤ ᠲᠤᠰᠬᠠᠬᠤ ᠠᠵᠢᠯ ᠤᠨ ᠬᠡᠯᠬᠢᠶ᠎ᠡ ᠶᠢ | ᠪᠦᠷᠢᠯᠳᠦᠬᠦᠯᠵᠤ᠂ ᠰᠠᠯᠠᠭ᠎ᠠ ᠮᠥᠴᠢᠷ ᠠᠯᠤᠰᠯᠠᠨ᠂ ᠰᠢᠰᠲ᠋ᠧᠮ ᠠᠯᠤᠰᠯᠠᠭᠰᠠᠨ ᠳ᠋ᠠᠶᠢᠲ᠋ᠠ ᠶᠢᠨ ᠡᠬᠢ ᠪᠠᠶᠠᠯᠢᠭ ᠢ | ᠬᠠᠮᠲᠤ ᠪᠠᠷ ᠡᠳ᠋ᠯᠡᠵᠦ ᠨᠡᠭᠡᠭᠡᠯᠲᠡ ᠲᠠᠢ ᠠᠰᠢᠬᠯᠠᠬᠤ ᠶᠢ ᠪᠡᠶᠡᠯᠡᠬᠦᠯᠵᠤ᠂ ᠦᠨᠡᠨ ᠬᠦ ᠦᠢᠯᠡᠴᠢᠯᠡᠬᠦ᠂ ᠪᠤᠳᠠᠳᠠᠢ ᠠᠵᠢᠯ | ᠳᠤ ᠦᠢᠯᠡᠴᠢᠯᠡᠬᠦ ᠶᠢ ᠵᠢᠩᠬᠢᠨᠢ ᠪᠡᠶᠡᠯᠡᠬᠦᠯᠵᠤ᠂ ᠬᠦᠰᠡᠭᠰᠡᠨ ᠪᠦᠬᠦᠨ ᠳᠤ ᠬᠠᠷᠢᠭᠤ ᠦᠭᠴᠦ᠂ ᠤᠴᠢᠷ ᠶᠠᠪᠤᠳᠠᠯ | ᠦᠬᠡᠢ ᠪᠤᠯ ᠬᠠᠷᠰᠢᠯᠠᠬᠤ ᠦᠬᠡᠢ ᠶᠢ ᠪᠡᠶᠡᠯᠡᠬᠦᠯᠪᠡ᠃ | |