2020 ᠣᠨ ᠳᠤ᠂ ᠮᠠᠨ ᠤ ᠲᠤᠭᠤᠷᠢᠭ ᠤᠯᠠᠨ ᠲᠦᠮᠡᠨ ᠤ ᠬᠦᠰᠡᠯ ᠰᠠᠨᠠᠭ᠎ᠠ ᠳᠤ ᠢᠳᠡᠪᠬᠢᠲᠡᠢ | ᠨᠡᠶᠢᠴᠡᠬᠦᠯᠵᠤ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ | ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠬᠠᠶᠢᠷ᠎ᠠ ᠰᠡᠳᠬᠢᠯᠭᠡ ᠪᠠ ᠬᠦᠴᠦ ᠣᠷᠣᠭᠤᠯᠤᠨ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠪᠡ᠃ ᠪᠦᠬᠦ ᠵᠢᠯ ᠤᠨ ᠠᠷᠠᠳ ᠤᠨ ᠠᠮᠢᠳᠤᠷᠠᠯ ᠳᠤ ᠵᠠᠷᠤᠴᠠᠭᠤᠯᠤᠬᠰᠠᠨ ᠶᠡᠷᠦᠩᠬᠡᠢ | ᠵᠠᠷᠤᠯᠭ᠎ᠠ 27.1 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠶᠢᠨ 80% ᠶᠢ ᠡᠵᠡᠯᠡᠨ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ14.5 ᠳ᠋ᠦᠩᠰᠢᠭᠤᠷ | ᠲᠥᠭᠦᠷᠢᠭ ᠲᠡᠮᠡᠴᠡᠨ ᠣᠯᠵᠤ᠂ ᠣᠯᠠᠨ ᠲᠦᠮᠡᠨ ᠤ ᠪᠠᠴᠢᠮ ᠱᠠᠭᠠᠷᠳᠠᠵᠤ ᠪᠠᠶᠢᠬᠤ ᠲᠤᠯᠭᠠᠮ ᠬᠦᠰᠡᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠵᠤ᠂ ᠢᠯᠡᠳᠳᠡ ᠦᠷ᠎ᠡ ᠪᠦᠳᠦᠮᠵᠢ ᠤᠯᠵᠠᠢ᠃ ᠠᠭᠤᠯᠭ᠎ᠠ ᠶᠢᠨ ᠬᠤᠪᠢ ᠳᠤ᠂ ᠠᠷᠠᠳ | ᠤᠯᠠᠨ ᠤ ᠣᠷᠣᠨ ᠰᠠᠭᠤᠴᠠ᠂ ᠶᠠᠪᠤᠵᠤ ᠰᠠᠭᠤᠬᠤ ᠳᠤ ᠲᠦᠬᠦᠮ ᠦᠵᠡᠬᠦᠯᠬᠦ᠂ ᠣᠷᠣᠰᠢᠨ ᠰᠠᠭᠤᠬᠤ ᠳᠤ | ᠲᠠᠭᠠᠯᠠᠮᠵᠢᠳᠠᠢ ᠣᠷᠴᠢᠨ ᠲᠣᠭᠤᠷᠢᠨ ᠢ ᠪᠤᠢ ᠪᠤᠯᠭᠠᠵᠤ ᠦᠭᠬᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ᠂ | ᠰᠤᠷᠭᠠᠨ ᠬᠥᠮᠦᠵᠢᠯ ᠰᠣᠶᠣᠯ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠳᠤ ᠬᠤᠯᠪᠣᠭᠳᠠᠨ᠎ᠠ᠃ 2020 ᠣᠨ ᠤ | ᠡᠴᠦᠰ ᠲᠤ᠂ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦᠨ ᠢ ᠪᠡᠶᠡᠯᠡᠭᠦᠯᠪᠡ᠂ | ᠡᠭᠦᠨ ᠳᠤ ᠣᠯᠠᠨ ᠵᠦᠢᠯ ᠢ ᠨᠢ ᠲᠦᠯᠦᠪᠯᠡᠭᠡ ᠪᠠᠨ ᠳᠠᠪᠠᠭᠤᠯᠤᠨ ᠪᠡᠶᠡᠯᠡᠭᠦᠯᠪᠡ᠃ |