ᠬᠥᠨᠳᠡᠯᠡᠨ ᠲᠣᠭᠤᠷᠢᠭ ᠰᠤᠷᠤᠯᠭ᠎ᠠ ᠶᠢ ᠲᠡᠳᠬᠦᠵᠤ ᠬᠠᠶᠢᠷ᠎ᠠ ᠬᠠᠯᠠᠮᠵᠢ ᠬᠦᠷᠬᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/28
  ᠬᠠᠶᠢᠷ᠎ᠠ ᠪᠠᠷ ᠬᠦᠰᠡᠯ ᠤᠨ ᠵᠠᠮ ᠢ ᠬᠡᠷᠡᠯᠳᠦᠬᠦᠯᠵᠤ᠂ ᠬᠠᠶᠢᠷ᠎ᠠ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠂ 3 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠬᠠᠶᠢᠷ᠎ᠠ ᠬᠠᠯᠠᠮᠵᠢ ᠬᠦᠷᠬᠡᠵᠤ ᠰᠤᠷᠤᠯᠭ᠎ᠠ ᠶᠢ ᠲᠡᠳᠬᠦᠬᠦ ᠬᠠᠨᠳᠢᠪᠯᠠᠬᠤ ᠠᠵᠢᠯᠯᠠᠭ᠎ᠠ ᠪᠦᠯᠬᠦᠮᠳᠠᠯ ᠶᠡᠭᠡ ᠵᠡᠭᠡᠯᠢ ᠶᠢᠨ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃    ᠲᠣᠰ ᠤᠳᠠᠭᠠᠨ ᠤ ᠠᠵᠢᠯᠯᠠᠭ᠎ᠠ ᠶᠢ ᠪᠤᠭᠤᠲᠤ ᠬᠤᠲᠠ ᠶᠢᠨ ᠨᠢᠭᠦᠯᠡᠰᠦᠩᠭᠦᠶ ᠦᠢᠯᠡᠰ ᠤᠨ ᠶᠡᠷᠦᠩᠬᠡᠶ ᠡᠪᠯᠡᠯ᠂ ᠬᠥᠨᠳᠡᠯᠡᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠬᠥᠨᠳᠡᠯᠡᠨ ᠲᠣᠭᠤᠷᠢᠭ ᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠨᠥᠬᠦᠷᠯᠡᠯ ᠤᠨ ᠬᠤᠷᠠᠯ ᠬᠠᠮᠲᠤᠷᠠᠨ ᠰᠠᠨᠠᠭᠠᠴᠢᠯᠠᠵᠤ᠂ ᠬᠡᠷ ᠪᠦᠯᠢ ᠨᠢ ᠣᠨᠴᠠᠭᠠᠶ ᠬᠦᠴᠢᠷᠳᠡᠯᠲᠡᠶ ᠪᠥᠭᠡᠳ ᠰᠤᠷᠤᠯᠭ᠎ᠠ ᠳᠠᠭᠠᠨ ᠴᠢᠷᠮᠠᠶᠢᠯᠳᠠ ᠲᠠᠢ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠬᠠᠪᠰᠤᠷᠬᠤ ᠪᠠᠷ ᠵᠣᠷᠢᠯᠭ᠎ᠠ ᠪᠠᠨ ᠪᠣᠯᠭᠠᠵᠠᠶ᠃    ᠠᠵᠢᠯᠯᠠᠭ᠎ᠠ ᠨᠢ᠂ 30 ᠰᠣᠷᠣᠭᠴᠢ ᠳᠤ 2021 ᠣᠨ ᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠤ ᠂ ᠬᠤᠶᠢᠰᠢᠳᠠ ᠬᠠᠨᠳᠢᠪ ᠬᠦᠯᠢᠶᠡᠭᠰᠡᠨ ᠰᠣᠷᠣᠭᠴᠢ ᠵᠢᠯ ᠪᠦᠷᠢ 500 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠤᠯᠬᠤ ᠪᠦᠬᠡᠳ ᠪᠠᠭ᠎ᠠ ᠰᠤᠷᠭᠠᠭᠤᠯᠢ ᠲᠡᠭᠦᠰᠲᠡᠯ᠎ᠡ ᠣᠯᠭᠤᠨ᠎ᠠ᠃ ᠬᠠᠨᠳᠢᠪᠯᠠᠭᠴᠢ ᠠᠴᠠ᠂ ᠰᠤᠷᠤᠭᠴᠢᠳ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠲᠠᠰᠤᠷᠠᠯᠲᠠ ᠦᠭᠡᠢ ᠳᠠᠪᠰᠢᠵᠤ᠂ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠵᠤ᠂ ᠮᠡᠳᠡᠯᠭᠡ ᠰᠤᠷᠴᠤ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠡᠷᠲᠡᠬᠡᠨ ᠨᠡᠶᠢᠭᠡᠮ ᠤᠨ ᠲᠤᠯᠭᠠᠭᠤᠷᠢ ᠬᠦᠴᠦᠨ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ ᠬᠠᠨᠳᠢᠪ ᠬᠦᠷᠲᠡᠭᠰᠡᠨ ᠰᠤᠷᠤᠭᠴᠢᠳ ᠯᠠᠪᠲᠠᠢ ᠰᠠᠶᠢᠲᠤᠷ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠡᠬᠡ ᠤᠯᠤᠰ ᠤᠨ ᠢᠶᠠᠨ ᠲᠥᠯᠥᠭᠡ ᠵᠢᠳᠬᠦᠨ᠎ᠡ ᠭᠡᠵᠦ ᠢᠯᠡᠳᠬᠡᠵᠡᠬᠡᠪᠡ᠃      ᠲᠣᠰ ᠤᠳᠠᠭᠠᠨ ᠤ ᠠᠵᠢᠯᠯᠠᠭ᠎ᠠ ᠨᠢ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠡᠳ᠋ ᠪᠣᠳᠠᠰ ᠤᠨ ᠲᠠᠯ᠎ᠠ ᠪᠠᠷ ᠬᠠᠪᠰᠤᠷᠤᠨ ᠲᠡᠳᠬᠦᠭᠰᠡᠨ ᠢᠶᠠᠷ ᠪᠠᠷᠠᠬᠤ ᠥᠬᠡᠶ᠂ ᠨᠠᠩ ᠴᠤ ᠰᠤᠷᠤᠭᠴᠢᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠲᠡᠳᠡᠨ ᠤ ᠦᠷᠭᠦᠯᠵᠢ ᠠᠴᠢ ᠬᠠᠷᠢᠭᠤᠯᠠᠬᠤ ᠰᠡᠳᠬᠢᠯᠭᠡ ᠶᠢ ᠡᠪᠦᠷᠯᠡᠨ᠂ ᠡᠷᠴᠢ ᠵᠣᠷᠢᠭ ᠢᠶᠠᠨ ᠬᠥᠪᠴᠢᠯᠡᠨ ᠥᠪᠡᠷ ᠢ ᠪᠠᠨ ᠬᠦᠴᠦᠷᠬᠡᠭᠵᠢᠭᠦᠯᠵᠦ᠂ ᠦᠪᠡᠷ ᠤᠨ ᠲᠠᠰᠤᠷᠠᠯᠲᠠ ᠥᠬᠡᠶ ᠲᠠᠪᠰᠢᠯᠳᠠ ᠪᠠᠷ ᠨᠡᠶᠢᠭᠡᠮ ᠤᠨ ᠠᠴᠢ ᠶᠢ ᠬᠠᠷᠢᠭᠤᠯᠠᠬᠤ ᠶᠢ ᠵᠤᠷᠢᠬᠵᠢᠭᠤᠯᠵᠠᠢ᠃  ︵ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ   ᠵᠠᠩ ᠴᠢ ᠶᠦᠨ᠂ ᠵᠠᠩ ᠯᠧᠢ︶  
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号