ᠳ᠋ᠢᠩ ᠺᠠᠶ 2021 ᠣᠨ ᠳᠤ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠪᠠᠷ ᠪᠠᠶᠢᠭ᠎ᠠ ᠭᠠᠵᠠᠷ ᠰᠢᠷᠦᠢ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2021/3/29
    3 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠳ᠋ᠢᠩ ᠺᠠᠶ ᠬᠦᠨᠳᠡᠯᠡᠨ ᠭᠤᠤᠯ ᠪᠠᠯᠭᠠᠰᠤ ᠪᠣᠯᠤᠨ ᠬᠦᠨᠳᠡᠯᠡᠨ ᠬᠤᠶᠢᠳᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠵᠦ᠂ 2021ᠣᠨ ᠳᠤ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠪᠠᠷ ᠪᠠᠶᠢᠭ᠎ᠠ ᠭᠠᠵᠠᠷ ᠰᠢᠷᠦᠢ ᠶᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃     ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠦᠩ ᠰᠢᠶᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠦᠨᠳᠡᠯᠡᠨ ᠭᠤᠤᠯ ᠪᠠᠯᠭᠠᠰᠤ ᠪᠣᠯᠤᠨ ᠬᠦᠨᠳᠡᠯᠡᠨ ᠬᠤᠶᠢᠳᠤ ᠵᠠᠮ ᠤᠨ ᠬᠡᠷᠡᠭ ᠡᠷᠬᠢᠯᠡᠬᠦ ᠭᠠᠵᠠᠷ ᠤᠨ ᠭᠤᠤᠯ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠳ᠋ᠢᠩ ᠺᠠᠶ ᠤᠷᠢᠳ ᠬᠤᠵᠢᠳ 79#᠂ 51#᠂ 24#᠂ 23#᠂ 102#᠂ 82# ᠵᠢᠴᠢ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠯᠢᠦ ᠡᠯ ᠭᠧ ᠯᠢᠶᠠᠩ ᠵᠢᠴᠢ  ᠡᠤ ᠶᠤᠸᠠᠢ ᠠᠭᠤᠳᠠᠮ ᠲᠠᠯᠠᠪᠠᠶ ᠶᠢᠨ ᠡᠮᠦᠨ᠎ᠡ ᠲᠠᠯ᠎ᠠ ᠳᠤ ᠬᠦᠷᠴᠦ᠂ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠡᠵᠦ ᠪᠠᠶᠢᠭ᠎ᠠ ᠭᠠᠵᠠᠷ ᠰᠢᠷᠦᠢ ᠨᠤᠭᠤᠳ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠨᠢᠬᠡᠡ ᠭᠠᠵᠠᠷ ᠬᠦᠷᠬᠦ ᠪᠤᠯᠭᠠᠨ᠂ ᠳ᠋ᠢᠩ ᠺᠠᠶ ᠲᠤᠰ ᠬᠡᠰᠡᠭ ᠭᠠᠵᠠᠷ ᠰᠢᠷᠣᠶ ᠶᠢᠨ ᠶᠡᠭᠡ ᠪᠠᠭ᠎ᠠ᠂ ᠣᠷᠣᠨ ᠪᠠᠶᠢᠷᠢ ᠵᠢᠴᠢ ᠲᠥᠯᠥᠪᠵᠢᠭᠦᠯᠭᠡ᠂ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠷᠬᠢᠨ ᠲᠣᠭᠤᠷᠢᠨ ᠤ ᠢᠵᠢ ᠪᠥᠷᠢᠳᠦᠭᠦᠯᠬᠦ ᠲᠥᠷᠥᠯ ᠵᠦᠢᠯ᠂ ᠰᠠᠭᠤᠷᠢ ᠲᠦᠬᠦᠬᠡᠷᠦᠮᠵᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠠᠵᠠᠷ ᠰᠢᠷᠣᠶ ᠶᠢᠨ ᠪᠠᠶᠢᠳᠠᠯ ᠢ ᠨᠢᠭᠡᠳ ᠨᠢᠭᠡ ᠪᠠᠷ ᠤᠶᠢᠯᠠᠭᠠᠨ ᠡᠮᠬᠢᠯᠡᠭᠰᠡᠨ ᠪᠥᠭᠡᠳ ᠬᠤᠯᠪᠣᠭᠳᠠᠯ ᠪᠥᠬᠦᠶ ᠠᠵᠢᠯ ᠤᠨ ᠡᠭᠦᠷᠭᠡ ᠶᠢ ᠲᠤᠬᠠᠶ ᠶᠢᠨ ᠲᠠᠯᠠᠪᠠᠶ ᠳᠤ ᠲᠤᠰᠢᠶᠠᠨ ᠰᠢᠢᠳᠪᠦᠷᠢᠯᠡᠬᠦᠯᠪᠡ᠃    ᠳ᠋ᠢᠩ ᠺᠠᠶ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠠᠵᠢᠯ ᠢ ᠠᠮᠢᠳᠤᠯᠢᠭ ᠰᠠᠶᠢᠲᠤᠷ ᠬᠢᠬᠦ ᠪᠣᠯ ᠬᠤᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠪᠦᠲᠦᠮᠵᠢᠲᠡᠶ ᠠᠷᠭ᠎ᠠ ᠵᠠᠮ ᠪᠠ ᠴᠢᠬᠤᠯᠠ  ᠠᠳᠬᠤᠴᠠ ᠮᠥᠨ᠃ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠶᠢᠯᠠᠭᠠᠨ᠂ ᠣᠨᠣᠪᠴᠢᠲᠠᠶ ᠣᠶᠢᠯᠠᠭᠠᠵᠤ ᠡᠵᠡᠮᠰᠢᠬᠦ ᠪᠠ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ᠂ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠶᠢᠨ ᠬᠥᠨᠳᠡᠯᠡᠨ ᠲᠣᠭᠤᠷᠢᠭ ᠤᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠳᠤ ᠳᠤᠷᠠᠳᠤᠭᠰᠠᠨ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ︽ᠳᠥᠷᠪᠡᠨ ᠰᠠᠭᠤᠷᠢᠨ ᠭᠤᠷᠪᠠᠨ ᠣᠷᠣᠨ︾ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠥᠭᠵᠢᠯᠲᠡ ᠶᠢᠨ ᠪᠦᠬᠦ ᠲᠠᠯ᠎ᠠ ᠶᠢᠨ ᠵᠣᠭᠰᠣᠴᠠ ᠠᠴᠠ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠳᠠᠯᠳᠤᠨ ᠠᠪᠴᠤ ᠨᠥᠭᠡᠴᠡᠯᠡᠬᠦ ᠪᠠ ᠭᠠᠵᠠᠷ ᠰᠢᠷᠦᠢ ᠶᠢᠨ ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠂ ᠭᠠᠵᠠᠷ ᠰᠢᠷᠣᠶ ᠶᠢᠨ ᠡᠬᠢ ᠪᠠᠶᠠᠯᠢᠭ ᠤᠨ ᠦᠨ᠎ᠡ ᠥᠷᠲᠡᠭ ᠪᠠ ᠪᠦᠲᠦᠮᠵᠢᠲᠡᠶ ᠠᠰᠢᠬᠯᠠᠬᠤ ᠶᠢ ᠬᠦᠴᠦᠯᠡᠨ ᠲᠡᠭᠡᠭᠰᠢᠯᠡᠬᠦᠯᠵᠤ᠂ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠭᠡᠭ ᠶᠡᠭᠡ ᠡᠯᠧᠮᠧᠨ᠋ᠲ ᠤᠨ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃    ᠳ᠋ᠢᠩ ᠺᠠᠶ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠡᠷᠢᠭᠦᠨ ᠤ ᠬᠢᠷᠢ ᠲᠦᠪᠰᠢᠨ ᠢᠶᠠᠷ ᠪᠠᠷᠢᠮᠵᠢᠶᠠᠯᠠᠨ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠵᠤ᠂ ᠲᠦᠷᠦᠯ ᠵᠦᠢᠯ ᠪᠠ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦ ᠬᠡᠰᠡᠭ ᠨᠢᠬᠡᠪᠦᠷᠢ ᠭᠠᠵᠠᠷ ᠰᠢᠷᠦᠢ ᠶᠢᠨ ᠡᠬᠢ ᠪᠠᠶᠠᠯᠢᠭ ᠤᠨ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠡᠰᠡᠭ ᠨᠢᠬᠡᠪᠦᠷᠢ ᠭᠠᠵᠠᠷ ᠰᠢᠷᠣᠶ ᠶᠢᠨ ᠣᠨᠴᠠᠯᠢᠭ ᠯᠤᠭ᠎ᠠ ᠤᠶᠠᠯᠳᠤᠭᠤᠯᠤᠨ ᠢᠮᠠᠬᠤ ᠪᠦᠷᠢ ᠭᠠᠵᠠᠷ ᠰᠢᠷᠣᠶ ᠶᠢ ᠵᠦᠶ ᠵᠣᠬᠢᠰᠲᠠᠶ ᠰᠠᠶᠢᠲᠤᠷ ᠠᠰᠢᠭᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠤᠤᠷ᠎ᠠ᠂ ᠭᠠᠵᠠᠷ ᠰᠢᠷᠣᠶ ᠶᠢᠨ ᠬᠠᠮᠤᠭ ᠤᠨ ᠶᠡᠭᠡ ᠠᠵᠤ ᠠᠬᠤᠶ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠬᠦᠢᠴᠡᠳ ᠪᠠᠳᠠᠷᠠᠭᠤᠯᠬᠤ ᠬᠡᠷᠡᠭᠲᠡᠶ᠃ ᠠᠵᠢᠯ ᠤᠨ ᠬᠠᠷᠠᠯᠲᠠ ᠪᠠᠨ ᠤᠨᠤᠪᠴᠢᠳᠠᠢ ᠤᠯᠵᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠪᠤᠳᠤᠯ ᠰᠡᠳᠬᠢᠯ ᠢᠶᠠᠨ ᠨᠠᠪᠳᠠᠷᠠᠯᠴᠠᠵᠤ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠵᠠᠷ ᠰᠢᠷᠦᠢ ᠶᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠠᠵᠢᠯ ᠤᠨ ᠠᠬᠢᠴᠠ ᠪᠠᠨ ᠲᠦᠷᠭᠡᠳᠬᠡᠨ᠂ ᠡᠯ᠎ᠡ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠭᠤᠷᠢᠨ ᠳᠤ᠂ ᠣᠬᠤᠷ ᠬᠤᠭᠤᠴᠠᠭ᠎ᠠ᠂ ᠳᠤᠮᠳᠠ ᠬᠤᠭᠤᠴᠠᠭ᠎ᠠ᠂ ᠣᠷᠳᠣ ᠬᠤᠭᠤᠴᠠᠭᠠᠨ ᠤ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠪᠠᠶᠢᠷᠢᠰᠢᠭᠤᠯᠤᠯᠲᠠ ᠪᠠ ᠬᠥᠭᠵᠢᠯᠲᠡ ᠶᠢ ᠵᠦᠶ ᠵᠣᠬᠢᠰᠲᠠᠶ ᠡᠮᠬᠢ ᠵᠢᠷᠤᠮ ᠲᠠᠢ ᠠᠬᠢᠭᠤᠯᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠷᠠᠳ ᠣᠯᠠᠨ ᠳᠤ ᠠᠵᠢᠯᠯᠠᠵᠤ ᠠᠮᠢᠳᠦᠷᠠᠬᠤ ᠳᠤ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃  ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ   ᠹᠧᠩ ᠰᠢᠤᠸᠠᠢ︶  
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号