1 - 2 ᠰᠠᠷ᠎ᠠ  ᠳᠤ ᠬᠥᠨᠳᠡᠯᠡᠨ ᠲᠣᠭᠤᠷᠢᠭ ᠤᠨ ᠠᠵᠤ ᠦᠢᠯᠡᠳᠪᠦᠷᠢ ᠶᠢᠨ ᠭᠤᠣᠯ ᠠᠵᠢᠯ ᠲᠥᠷᠥᠯ ᠦᠢᠯᠡᠳᠪᠦᠷᠢᠯᠡᠯ ᠤᠨ ᠨᠡᠮᠡᠭᠳᠡᠯ ᠢ ᠳᠠᠢᠴᠢᠯᠠᠵᠠᠢ
ᠨᠡᠶᠢᠲᠡᠯᠡᠭᠰᠡᠨ ᠴᠠᠭ᠄
2021/3/29
     ᠲᠦᠷᠦᠭᠦᠦ 2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ 58 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠵᠦ ᠂ 2019 ᠣᠨ ᠤ ᠬᠢ ᠠᠴᠠ 34.9% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 16.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠮᠥᠨ ᠬᠦ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠡᠪᠴᠢᠶᠡᠨ ᠳᠤ ᠪᠠᠶᠢᠵᠤ᠂ ᠪᠤᠭᠤᠳᠤ ᠬᠤᠲᠠ ᠶᠢᠨ ᠲᠠᠪᠤᠨ ᠲᠣᠭᠤᠷᠢᠭ ᠲᠤᠳᠤᠷ᠎ᠠ ᠭᠤᠷᠪᠠᠳᠤᠭᠠᠷ ᠲᠤ ᠣᠷᠣᠪᠠ᠃ ᠲᠦᠷᠦᠭᠦᠦ 2 ᠰᠠᠷ᠎ᠠ ᠳᠤ᠂ ᠮᠠᠨ ᠤ ᠲᠤᠭᠤᠷᠢᠭ ᠤᠨ ᠬᠢᠨᠠᠨ ᠰᠢᠨᠵᠢᠭᠰᠡᠨ ᠢᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠳᠠᠶᠢᠴᠢᠯᠠᠬᠤ ᠦᠢᠯᠡᠳᠦᠯ ᠢᠯᠡᠷᠬᠡᠶ  ᠪᠤᠯᠤᠬᠰᠠᠨ ᠨᠢ᠄ ᠲᠡᠮᠦᠷᠯᠢᠭ ᠤᠨ ᠪᠤᠰᠤ ᠡᠷᠦᠳᠡᠰᠦ ᠶᠢᠨ   ᠦᠢᠯᠡᠳᠬᠦᠨ ᠤᠨ ᠦᠢᠯᠡᠰ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ  ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ᠂ ᠨᠡᠶᠢᠳᠡᠮ ᠤᠨ ᠬᠡᠷᠡᠭᠯᠡᠭᠡᠨ ᠤ ᠲᠤᠨᠤᠭ ᠲᠥᠬᠦᠭᠡᠷᠦᠮᠵᠢ ᠦᠢᠯᠡᠳᠬᠦ ᠦᠢᠯᠡᠰ᠂ ᠲᠤᠰᠬᠠᠶ ᠬᠡᠷᠡᠭᠯᠡᠭᠡᠨ ᠤ ᠲᠤᠨᠤᠭ ᠲᠥᠬᠦᠭᠡᠷᠦᠮᠵᠢ  ᠦᠢᠯᠡᠳᠬᠦ ᠦᠢᠯᠡᠰ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ᠂ ᠲᠡᠮᠦᠷᠯᠢᠭ ᠤᠨ ᠦᠢᠯᠡᠳᠬᠦᠨ᠂ ᠮᠠᠰᠢᠨ ᠮᠧᠬᠠᠨᠢᠭ ᠪᠠ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠰ ᠵᠡᠷᠭᠡ ᠠᠵᠢᠯ ᠲᠥᠷᠥᠯ   ᠨᠢ ᠬᠡᠳᠦ᠋ᠢᠪᠡᠷ ᠡᠵᠡᠯᠡᠬᠦ ᠬᠠᠷᠢᠴᠠᠯ ᠨᠢ ᠨᠡᠯᠢᠶᠡᠳ ᠪᠠᠭ᠎ᠠ ᠪᠣᠯᠪᠠᠴᠤ ᠴᠥᠮ ᠳᠠᠬᠢᠨ ᠢᠶᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号