ᠨᠢᠭᠡ᠂ ᠠᠬᠤᠶ ᠪᠠᠶᠢᠳᠠᠯ ᠢ ᠲᠣᠭᠲᠠᠭᠠᠬᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠰᠢ᠂ ᠬᠤᠭᠤᠯᠠᠶ ᠶᠢ ᠬᠠᠮᠠᠭᠠᠯᠠᠬᠤ | ᠲᠦᠬᠦᠭᠡᠷᠦᠮᠵᠢ ᠶᠢᠨ ᠠᠮᠤᠷ ᠲᠦᠪᠰᠢᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠣᠯᠠᠨ ᠨᠡᠶᠢᠲᠡ ᠶᠢᠨ | ᠠᠮᠤᠷ ᠲᠦᠪᠰᠢᠨ ᠢ ᠬᠠᠮᠠᠭᠠᠯᠠᠬᠤ ᠳᠤ ᠢᠳᠡᠪᠬᠢᠲᠡᠶ ᠦᠢᠯᠡᠳᠤᠯ ᠦᠵᠡᠭᠦᠯᠪᠡ᠃ ᠭᠡᠪᠡᠴᠦ ᠮᠠᠨ ᠤ ᠣᠷᠤᠨ ᠤ ᠠᠵᠤ | ᠠᠬᠤᠶ ᠨᠡᠶᠢᠭᠡᠮ ᠤᠨ ᠲᠠᠰᠤᠷᠠᠯᠲᠠ ᠤᠢᠭᠡᠢ ᠬᠥᠭᠵᠢᠬᠦ ᠶᠢ ᠳᠠᠭᠠᠯᠳᠤᠨ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠬᠢᠭᠡᠳ ᠬᠤᠭᠤᠯᠠᠶ ᠶᠢᠨ ᠬᠠᠮᠠᠭᠠᠯᠠᠯᠲᠠ ᠲᠠᠰᠤᠷᠠᠯᠲᠠ ᠤᠢᠭᠡᠢ ᠲᠦᠷᠭᠡᠳᠴᠦ᠂ ᠬᠤᠭᠤᠯᠠᠶ ᠶᠢᠨ | ᠬᠠᠮᠠᠭᠠᠯᠠᠯᠲᠠ ᠶᠢᠨ ᠭᠠᠳᠠᠭᠠᠳᠤ ᠣᠷᠴᠢᠨ ᠲᠣᠭᠤᠷᠢᠨ ᠳᠤ ᠮᠠᠰᠢ ᠶᠡᠭᠡ ᠬᠤᠪᠢᠷᠠᠯᠲᠠ ᠭᠠᠷᠴᠤ᠂ ᠬᠤᠭᠤᠯᠠᠶ ᠶᠢᠨ ᠠᠮᠤᠷ | ᠲᠦᠪᠰᠢᠨ ᠤ ᠲᠦᠭᠰᠢᠭᠦᠷᠢ ᠪᠣᠯᠤᠨ ᠠᠰᠠᠭᠤᠳᠠᠯ ᠤᠨ ᠳᠠᠯᠳᠠ ᠭᠡᠮ ᠲᠣᠪᠤᠶᠢᠮ᠎ᠠ ᠪᠣᠯᠵᠤ᠂ ᠰᠠᠯᠠᠭ᠎ᠠ ᠮᠥᠴᠢᠷ ᠤᠳ ᠤᠨ | ᠬᠤᠭᠤᠷᠤᠨᠳᠣ ᠬᠤᠭᠤᠯᠠᠶ ᠶᠢᠨ ᠬᠠᠮᠠᠭᠠᠯᠠᠯᠲᠠ ᠶᠢᠨ ᠠᠵᠢᠯ ᠤᠨ ᠨᠡᠶᠢᠯᠡᠮᠡᠯ ᠬᠦᠴᠦᠨ ᠬᠠᠷᠠᠬᠠᠨ ᠪᠦᠷᠢᠯᠳᠦᠭᠡᠳᠦᠶ᠂ | ᠭᠡᠬᠦ ᠳᠤ ᠪᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠵᠠᠷᠢᠮ ᠲᠣᠭᠲᠠᠭᠠᠯ ᠨᠢ ᠨᠡᠯᠢᠶᠡᠳ | ᠵᠠᠷᠴᠢᠮ ᠲᠠᠢ ᠪᠠᠶᠢᠵᠤ᠂ ᠲᠠᠰᠤᠷᠠᠯᠲᠠ ᠤᠢᠭᠡᠢ ᠬᠤᠪᠢᠷᠠᠵᠤ ᠪᠠᠶᠢᠭ᠎ᠠ ᠪᠠᠶᠢᠳᠠᠯ ᠪᠣᠯᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠳᠤ ᠪᠦᠷᠢᠮᠦᠰᠦᠨ ᠵᠣᠬᠢᠴᠠᠵᠤ ᠳᠡᠶᠢᠯᠬᠦ ᠦᠭᠡᠶ ᠪᠠᠶᠢᠨ᠎ᠠ᠃ ᠥᠪᠡᠷᠲᠡᠭᠡᠨ | ᠵᠠᠰᠠᠬᠤ ᠣᠷᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠬᠠᠮᠠᠭᠠᠯᠠᠯᠲᠠ ᠶᠢᠨ | ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠤᠨ ᠪᠣᠳᠠᠲᠠᠶ ᠲᠠᠢ ᠪᠠᠨ | ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠢ ᠶᠢᠨ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃ | ᠬᠤᠶᠠᠷ᠂ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠴᠢ ᠬᠤᠯᠪᠣᠭᠳᠠᠯ | ︵ᠨᠢᠭᠡ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠪᠣᠯ ᠠᠶᠤᠯ ᠥᠬᠡᠶ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ | ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠬᠤᠭᠤᠯᠠᠶ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ︽ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠶᠡᠷᠦᠩᠬᠡᠶ ᠱᠦᠵᠢ ᠰᠢ ᠶᠢᠨ ᠫᠢᠩ ᠤᠨ ᠡᠨᠧᠷᠭᠢ ᠶᠢᠨ | ᠠᠮᠤᠷ ᠲᠦᠪᠰᠢᠨ ᠤ ᠬᠥᠭᠵᠢᠯᠲᠡ ᠶᠢᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ | ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠬᠤ᠂ | ᠬᠤᠭᠤᠯᠠᠶ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠶ ᠲᠦᠷᠢᠮ ᠢ ᠪᠠᠶᠢᠭᠤᠯᠤᠨ ᠪᠦᠷᠢᠨᠰᠢᠭᠦᠯᠬᠦ᠂ ᠢᠯᠠᠩᠭᠤᠶ᠎ᠠ | ᠬᠤᠭᠤᠯᠠᠶ ᠶᠢᠨ ᠠᠮᠤᠷ ᠲᠦᠪᠰᠢᠨ ᠢ ᠬᠠᠮᠠᠭᠠᠯᠠᠬᠤ᠂ ᠡᠳᠦᠷ ᠲᠤᠲᠤᠮ ᠤᠨ ᠴᠠᠭᠳᠠᠨ ᠬᠠᠮᠠᠭᠠᠯᠠᠬᠤ᠂ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ ᠪᠠ ᠪᠦᠷᠢᠨ ᠪᠦᠲᠦᠨ ᠴᠢᠨᠠᠷᠲᠠᠶ ᠬᠠᠮᠢᠶᠠᠷᠤᠯᠲᠠ ᠵᠡᠷᠭᠡ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢᠨ ᠲᠠᠯ᠎ᠠ ᠪᠠᠷ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ | ᠠᠵᠢᠯ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠱᠠᠭᠠᠷᠳᠠᠪᠠ᠃ | ᠰᠠᠯᠠᠭ᠎ᠠ ᠮᠥᠴᠢᠷ ᠤᠨ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ | ᠡᠷᠬᠡ ᠶᠢᠨ ᠬᠡᠪᠴᠢᠶ᠎ᠡ ᠲᠣᠳᠣᠷᠬᠠᠢ ᠦᠭᠡᠢ ᠪᠠᠶᠢᠬᠤ᠂ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠠᠵᠢᠯ ᠤᠨ | ᠵᠣᠬᠢᠴᠠᠭᠤᠯᠭ᠎ᠠ ᠰᠢᠯᠤᠭᠤᠨ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠮᠠᠭᠠᠯᠠᠯᠲᠠ ᠵᠠᠰᠠᠯᠲᠠ ᠶᠢᠨ ᠰᠢᠰᠲ᠋ᠧᠮ ᠢ ᠠᠬᠢᠭᠤᠯᠬᠤ | ᠡᠭᠦᠷᠭᠡ ᠶᠢᠨ ᠱᠠᠭᠠᠷᠳᠠᠯᠭ᠎ᠠ ᠪᠣᠯᠤᠨ᠎ᠠ᠃ ︽ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠲᠤᠰᠬᠠᠶ | ᠴᠡᠭᠴᠡᠯᠡᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠤᠨ ᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ | ᠲᠥᠰᠦᠯ︾ ᠳᠤ ︽ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠡᠭᠦᠷᠭᠡ ᠶᠢᠨ ᠱᠠᠭᠠᠷᠳᠠᠯᠭ᠎ᠠ ᠶᠢ | ᠳᠤᠷᠠᠳᠴᠠᠶ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠥᠪᠡᠷᠲᠡᠭᠡᠨ ᠵᠠᠰᠠᠬᠤ ᠣᠷᠤᠨ ᠤ ᠠᠶᠤᠯ ᠥᠬᠡᠶ | ᠦᠢᠯᠡᠳᠪᠦᠷᠢᠯᠡᠯ ᠤᠨ ᠪᠣᠳᠠᠲᠤ ᠬᠡᠷᠡᠭᠴᠡᠭᠡ ᠳᠤ ᠨᠡᠶᠢᠴᠡᠵᠦ᠂ ᠡᠨᠧᠷᠭᠢ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠶᠡᠭᠡ ᠲᠠᠯ᠎ᠠ ᠪᠠᠷ ᠪᠠᠷᠢᠮᠵᠢᠶᠠᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠤᠭᠤᠯᠠᠶ ᠶᠢᠨ ᠬᠠᠮᠠᠭᠠᠯᠠᠯᠲᠠ ᠶᠢᠨ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ᠂ ᠬᠠᠤᠯᠢ ᠬᠡᠷᠡᠭᠵᠢᠭᠦᠯᠬᠦ ᠬᠠᠮᠲᠤᠷᠠᠭᠰᠠᠨ ᠪᠠᠶᠢᠴᠠᠭᠠᠯᠲᠠ ᠥᠷᠨᠢᠭᠦᠯᠬᠦ᠂ ᠬᠦᠨᠳᠦ ᠶᠡᠭᠡ | ᠬᠡᠮ ᠰᠣᠭᠤᠭ ᠤᠨ ᠠᠰᠠᠭᠤᠳᠠᠯ ᠢ ᠵᠠᠰᠠᠬᠤ ᠵᠡᠷᠭᠡ ᠠᠵᠢᠯ ᠢ ᠠᠬᠢᠭᠤᠯᠬᠤ ᠳᠤ ᠪᠣᠳᠠᠲᠠᠶ ᠲᠣᠭᠲᠠᠭᠠᠯ ᠭᠠᠷᠭᠠᠪᠠ᠃ ︽ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠬᠤᠭᠤᠯᠠᠶ ᠶᠢ ᠬᠠᠮᠠᠭᠠᠯᠠᠬᠤ ᠲᠤᠰᠬᠠᠶᠢᠵᠢᠭᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠯᠲᠠ ᠶᠢ ᠠᠬᠢᠭᠤᠯᠬᠤ ᠳᠤ ᠨᠡᠯᠢᠶᠡᠳ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ︵ᠭᠤᠷᠪᠠ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠡᠨᠧᠷᠭᠢ ᠶᠢᠨ ᠠᠮᠤᠷ | ᠲᠦᠪᠰᠢᠨ ᠢ ᠬᠦᠴᠦᠲᠡᠶ ᠪᠠᠲᠤᠯᠠᠵᠤ᠂ ᠬᠤᠭᠤᠯᠠᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠪᠣᠳᠠᠲᠤ | ᠬᠡᠷᠡᠭᠴᠡᠭᠡ ᠪᠣᠯᠤᠨ᠎ᠠ᠃ ᠪᠦᠬᠦ ᠣᠷᠤᠨ ᠳᠤ ᠨᠢᠭᠡᠨᠲᠡ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ | ᠳᠠᠮᠵᠢᠭᠤᠯᠬᠤ ᠤᠷᠲᠤ ᠬᠤᠭᠤᠯᠠᠶ ᠶᠢ 6700 ᠺᠢᠯᠤᠮᠧᠳ᠋ᠷ ᠠᠴᠠ ᠳᠡᠭᠡᠭᠰᠢ ᠪᠠᠶᠢᠭᠤᠯᠵᠤ᠂ ᠣᠷᠤᠨ ᠤ ᠳᠣᠲᠣᠷᠠᠬᠢ | ᠠᠷᠠᠳ ᠤᠨ ᠠᠮᠢᠳᠤᠷᠠᠯ ᠳᠤ ᠬᠡᠢ ᠬᠠᠩᠭᠠᠬᠤ ᠶᠢ ᠪᠠᠲᠤᠯᠠᠬᠤ ᠪᠠ ᠨᠡᠶᠢᠰᠯᠡᠯ ᠪᠡᠭᠡᠵᠢᠩ ᠵᠡᠷᠭᠡ ᠭᠠᠵᠠᠷ ᠣᠷᠤᠨ ᠳᠤ | ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠡᠭᠦᠷᠭᠡ ᠶᠢ ᠡᠭᠦᠷᠭᠡᠯᠡᠵᠦ ᠪᠤᠶ᠃ ᠤᠳᠤ ᠶᠢᠨ ᠬᠡᠷᠡᠭᠵᠢᠭᠦᠯᠵᠦ ᠪᠠᠶᠢᠭ᠎ᠠ | ᠬᠠᠤᠯᠢ ᠴᠠᠭᠠᠵᠠ ᠶᠢ ᠨᠢᠭᠡᠨᠲᠡ ᠬᠡᠷᠡᠭᠵᠢᠭᠦᠯᠦᠭᠡᠳ ᠬᠡᠳᠦᠨ ᠵᠢᠯ ᠪᠤᠯᠵᠤ ᠪᠠᠶᠢᠨ᠎ᠠ᠂ ᠵᠠᠷᠢᠮ ᠠᠭᠤᠯᠭ᠎ᠠ ᠶᠢᠨ ᠵᠦᠢᠯ | ᠵᠤᠷᠪᠤᠰ ᠨᠢ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠪᠠ ᠳᠠᠮᠵᠢᠭᠤᠯᠬᠤ | ᠬᠤᠭᠤᠯᠠᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠠᠢ ᠬᠡᠷᠡᠭᠴᠡᠭᠡ ᠲᠠᠢ ᠵᠣᠬᠢᠴᠠᠬᠤ ᠦᠭᠡᠢ | ᠪᠠᠶᠢᠵᠤ᠂ ᠪᠣᠳᠠᠲᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠨᠢᠭᠡᠨᠲᠡ ᠪᠦᠷᠢᠮᠦᠰᠦᠨ ᠬᠠᠩᠭᠠᠵᠤ | ᠳᠡᠶᠢᠯᠬᠦ ᠦᠭᠡᠢ ᠪᠣᠯᠵᠠᠢ᠃ ᠳᠡᠭᠡᠷ᠎ᠡ ᠳᠤᠷᠠᠳᠤᠭᠰᠠᠨ ᠠᠰᠠᠭᠤᠳᠠᠯ ᠨᠢ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠠᠵᠢᠯ ᠤᠨ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠨᠥᠯᠥᠭᠡᠯᠡᠵᠦ ᠪᠠᠶᠢᠨ᠎ᠠ᠃ ︽ᠬᠢᠨᠠᠯᠲᠠ | ᠬᠠᠮᠢᠶᠠᠷᠤᠯᠲᠠ ᠶᠢᠨ ᠠᠷᠭ᠎ᠠ︾ ᠨᠢ ᠡᠯ᠎ᠡ ᠵᠦᠢᠯ ᠵᠤᠷᠪᠤᠰ ᠤᠨ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠤᠭᠤᠯᠠᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠡᠮᠬᠢᠯᠡᠨ ᠢᠯᠭᠠᠷᠠᠭᠤᠯᠵᠤ᠂ ᠪᠣᠳᠠᠲᠤ ᠠᠵᠢᠯ ᠤᠨ ᠳᠤᠮᠳᠠ | ᠪᠠᠴᠢᠮ ᠰᠢᠢᠳᠪᠦᠷᠢᠯᠡᠬᠦ ᠴᠢᠬᠤᠯᠠᠲᠠᠶ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠤᠭᠤᠯᠠᠶ ᠶᠢ ᠬᠠᠮᠠᠭᠠᠯᠠᠬᠤ | ᠠᠵᠢᠯ ᠤᠨ ᠪᠣᠳᠠᠲᠤ ᠬᠡᠷᠡᠭᠴᠡᠭᠡ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ | ᠭᠤᠷᠪᠠ᠂ ᠭᠤᠣᠯ ᠠᠭᠤᠯᠭ᠎ᠠ | ︵ᠨᠢᠭᠡ︶ ᠬᠤᠭᠤᠯᠠᠶ ᠶᠢᠨ ᠲᠥᠯᠥᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ ᠨᠢᠭᠡ ᠳᠤ᠂ ᠬᠡᠷᠡᠭ ᠤᠨ ᠡᠮᠦᠨᠡᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠳᠠᠮᠵᠢᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠲᠠ ᠨᠢ | ᠬᠠᠷᠠᠭᠠᠯᠵᠠᠭᠰᠠᠨ ᠬᠢᠷᠢ ᠬᠡᠮ ᠢ ᠪᠦᠷᠢᠯᠳᠦᠭᠦᠯᠦᠭᠰᠡᠨ ᠨᠢᠭᠡᠴᠢ ᠶᠢ ᠰᠣᠩᠭᠤᠵᠤ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢ ᠡᠭᠦᠷᠭᠡᠯᠡᠭᠦᠯᠬᠦ ᠬᠡᠷᠡᠭᠲᠡᠢ᠂ ᠠᠵᠢᠯ ᠡᠬᠢᠯᠡᠭᠦᠯᠬᠦ ᠠᠴᠠ ᠡᠮᠦᠨ᠎ᠡ ᠠᠶᠤᠯᠭᠦᠢ ᠦᠢᠯᠡᠳᠪᠦᠷᠢᠯᠡᠯ ᠤᠨ | ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠳᠠᠮᠵᠢᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠲᠠ ᠶᠢᠨ | ᠵᠦᠢᠯᠡᠰ ᠤᠨ ᠠᠶᠤᠯᠭᠦᠢ ᠶᠢᠨ ᠬᠢᠨᠠᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ ᠭᠡᠵᠦ ᠲᠣᠳᠣᠷᠬᠠᠢ | ᠲᠣᠭᠲᠠᠭᠠᠵᠠᠢ᠃ ᠬᠤᠶᠠᠷ ᠲᠤ᠂ ︽ᠭᠤᠷᠪᠠ ᠶᠢ ᠬᠠᠮᠲᠤ ᠳᠤᠨᠢ ᠬᠢᠬᠦ︾ ᠶᠢ ᠨᠠᠶᠢᠳᠠᠪᠤᠷᠢᠵᠢᠭᠤᠯᠤᠨ᠎ᠠ᠃ ᠳᠠᠮᠵᠢᠭᠤᠯᠬᠤ | ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠲᠤ ᠠᠶᠤᠯᠭᠦᠶ ᠶᠢᠨ ᠬᠠᠮᠠᠭᠠᠯᠠᠯᠲᠠ ᠶᠢᠨ ᠵᠢᠷᠤᠭ | ᠲᠥᠯᠥᠪᠯᠡᠭᠡ ᠶᠢ ᠵᠡᠷᠭᠡᠪᠡᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ︔ ᠠᠶᠤᠯ ᠦᠭᠡᠶ ᠶᠢᠨ ᠬᠠᠮᠠᠭᠠᠯᠠᠯᠲᠠ ᠶᠢᠨ | ᠲᠦᠬᠦᠭᠡᠷᠦᠮᠵᠢ ᠶᠢᠨ ᠵᠢᠷᠤᠭᠯᠠᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠭᠤᠣᠯ ᠴᠣᠭᠴᠠ ᠶᠢᠨ ᠪᠠᠷᠢᠯᠭ᠎ᠠ ᠯᠤᠭ᠎ᠠ | ᠵᠡᠷᠭᠡ ᠳᠤᠨᠢ ᠠᠵᠢᠯ ᠡᠬᠢᠯᠡᠭᠦᠯᠵᠦ᠂ ᠵᠡᠷᠭᠡ ᠳᠤᠨᠢ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠳᠤ ᠣᠷᠣᠭᠤᠯᠬᠤ | ᠬᠡᠷᠡᠭᠲᠡᠶ᠃ ᠭᠤᠷᠪᠠ ᠳᠤ᠂ ᠲᠤᠷᠰᠢᠨ ᠠᠵᠢᠯᠯᠠᠭᠤᠯᠬᠤ ︵ᠬᠡᠷᠡᠭᠯᠡᠯᠲᠡ︶ ᠬᠢᠨᠠᠯᠲᠠ ᠬᠠᠮᠢᠶᠠᠷᠤᠯᠲᠠ ᠶᠢ ᠳᠣᠪᠤᠶᠢᠯᠭᠠᠨ᠎ᠠ | ᠃ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠠᠴᠠ ᠡᠮᠦᠨ᠎ᠡ᠂ ᠳᠠᠮᠵᠢᠭᠤᠯᠬᠤ ᠬᠤᠭᠤᠯᠠᠢ ᠶᠢᠨ ᠠᠵᠤ ᠠᠬᠤᠶᠢᠯᠠᠯ ᠢ | ᠲᠤᠰᠬᠠᠢ ᠮᠡᠷᠭᠡᠵᠢᠯᠲᠡᠨ ᠵᠣᠬᠢᠶᠠᠨ ᠪᠠᠶᠢᠭᠤᠯᠵᠤ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠲᠥᠰᠦᠯ ᠢ ᠬᠢᠨᠠᠨ | ᠪᠠᠶᠢᠴᠠᠭᠠᠯᠭᠠᠬᠤ ᠪᠠ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠶᠠᠪᠤᠴᠠ ᠳᠤ ᠮᠡᠷᠭᠡᠵᠢᠯ ᠤᠨ ᠵᠢᠯᠤᠭᠤᠳᠤᠯᠭ᠎ᠠ | ᠬᠢᠯᠭᠡᠬᠦ ᠶᠢ ᠱᠠᠭᠠᠷᠳᠠᠨ᠎ᠠ᠃ | ︵ᠬᠤᠶᠠᠷ︶ ᠳᠠᠮᠵᠢᠭᠤᠯᠬᠤ ᠬᠤᠭᠤᠯᠠᠶ ᠶᠢᠨ ᠠᠵᠢᠯᠯᠠᠭ᠎ᠠ ᠶᠢ ᠬᠠᠮᠠᠭᠠᠯᠠᠬᠤ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ᠂ ᠬᠠᠷᠢᠭᠤᠴᠠᠯᠭ᠎ᠠ ᠶᠢ ᠭᠦᠨᠵᠡᠭᠡᠶ ᠨᠠᠷᠢᠯᠢᠭᠵᠢᠭᠤᠯᠤᠨ᠎ᠠ᠃ | ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠠᠵᠤ ᠠᠬᠤᠶᠢᠯᠠᠯ ᠤᠨ ᠳᠠᠮᠵᠢᠭᠤᠯᠬᠤ ᠬᠤᠭᠤᠯᠠᠶ ᠶᠢᠨ ᠠᠵᠢᠯᠯᠠᠬᠤ ᠶᠢ | ᠵᠣᠭᠰᠣᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ᠂ ᠬᠦᠨᠳᠦ ᠶᠡᠭᠡ ᠲᠦᠭᠰᠢᠭᠦᠷᠢ ᠶᠢᠨ | ᠣᠷᠤᠨ ᠤ ᠬᠡᠰᠡᠭ ᠲᠤ ᠲᠣᠭᠤᠷᠢᠨ ᠬᠠᠮᠠᠭᠠᠯᠠᠬᠤ ᠲᠦᠷᠢᠮ ᠢ ᠨᠠᠷᠢᠯᠢᠬᠵᠢᠭᠤᠯᠤᠨ᠎ᠠ᠃ ᠬᠤᠶᠠᠷ ᠲᠤ᠂ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠎ᠠ᠃ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ᠂ ᠲᠠᠯᠳᠠ ᠭᠡᠮ ᠢ ᠵᠠᠰᠠᠬᠤ ᠪᠡᠯᠡ ᠮᠥᠩᠭᠦ ᠶᠢᠨ ᠣᠷᠣᠭᠤᠯᠤᠯᠲᠠ᠂ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ᠂ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠠᠵᠢᠯ ᠤᠨ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠢ ᠪᠣᠯᠭᠠᠪᠠ᠃ ᠭᠤᠷᠪᠠ ᠳᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶ | ᠪᠤᠯᠭᠠᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠳᠠᠮᠵᠢᠭᠤᠯᠬᠤ | ᠬᠤᠭᠤᠯᠠᠶ ᠶᠢ ᠬᠠᠮᠠᠭᠠᠯᠠᠬᠤ ᠠᠵᠢᠯ ᠢ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠨᠢ ᠬᠤᠭᠤᠯᠠᠶ ᠶᠢ | ᠵᠢᠩᠬᠢᠨᠢ ᠪᠠᠷ ᠲᠤᠰᠢᠶᠠᠨ ᠥᠭᠴᠦ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠠᠷᠢᠶ᠎ᠠ ᠣᠷᠤᠨ ᠤ ᠪᠠᠨ | ᠬᠤᠭᠤᠯᠠᠶ ᠶᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠠᠤᠯᠢ | ᠶᠣᠰᠣᠭᠠᠷ ᠭᠦᠢᠴᠡᠳᠬᠡᠬᠦ ᠬᠡᠷᠡᠭᠲᠡᠶ᠃ | ︵ᠭᠤᠷᠪᠠ︶ ᠬᠤᠭᠤᠯᠠᠶ ᠶᠢᠨ ᠲᠥᠯᠥᠪᠵᠢᠭᠦᠯᠭᠡ ᠪᠣᠯᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤᠯᠤᠰ ᠤᠨ ᠭᠠᠵᠠᠷ ᠰᠢᠷᠣᠶ ᠶᠢᠨ ᠣᠷᠤᠨ | ᠵᠠᠶ ᠶᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠤᠯᠲᠠ ᠬᠢᠵᠦ᠂ ᠳᠠᠮᠵᠢᠭᠤᠯᠬᠤ | ᠬᠤᠭᠤᠯᠠᠶ ᠶᠢ ᠥᠭᠡᠷᠡᠴᠢᠯᠡᠨ ᠪᠠᠶᠢᠭᠤᠯᠬᠤ᠂ ᠨᠡᠭᠦᠯᠭᠡᠬᠦ ᠪᠤᠶᠤ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ | ᠨᠡᠮᠡᠭᠳᠡᠭᠦᠯᠬᠦ ᠳᠤ ᠬᠤᠯᠪᠣᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠰᠠᠨᠠᠯ ᠢ ᠭᠦᠢᠴᠡᠳ ᠬᠤᠷᠢᠶᠠᠵᠤ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠳᠠᠮᠵᠢᠭᠤᠯᠬᠤ | ᠬᠤᠭᠤᠯᠠᠢ ᠶᠢᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ ᠳᠤᠮᠳᠠ ᠭᠠᠵᠠᠷ ᠰᠢᠷᠣᠢ ᠶᠢᠨ | ᠬᠡᠷᠡᠭᠯᠡᠯᠲᠡ ᠶᠢ ᠨᠥᠯᠥᠭᠡᠯᠡᠬᠦ ᠶᠢ ᠲᠣᠳᠣᠷᠬᠠᠢ ᠲᠣᠭᠲᠠᠭᠠᠭᠰᠠᠨ ᠪᠠᠶᠢᠪᠠᠯ᠂ ᠳᠠᠮᠵᠢᠭᠤᠯᠬᠤ ᠬᠤᠭᠤᠯᠠᠢ ᠶᠢᠨ ᠠᠵᠤ | ᠠᠬᠤᠶᠢᠯᠠᠯ ᠨᠢ ᠬᠤᠯᠪᠣᠭᠳᠠᠯ ᠪᠦᠭᠦᠢ ᠡᠷᠬᠡ ᠠᠰᠢᠭ ᠤᠨ ᠬᠥᠮᠦᠨ ᠳᠤ ᠨᠥᠬᠦᠪᠥᠷᠢ ᠥᠭᠬᠦ ᠬᠡᠷᠡᠭᠲᠡᠢ᠃ ᠭᠤᠷᠪᠠ ᠳᠤ᠂ | ᠳᠠᠮᠵᠢᠭᠤᠯᠬᠤ ᠬᠤᠭᠤᠯᠠᠢ ᠶᠢ ᠪᠠᠶᠢᠭᠤᠯᠵᠤ ᠳᠠᠭᠤᠰᠬᠠᠭᠰᠠᠨ ᠤ ᠲᠠᠷᠠᠭ᠎ᠠ᠂ ᠤᠯᠤᠰ ᠤᠨ ᠬᠤᠯᠪᠣᠭᠳᠠᠯ ᠪᠦᠭᠦᠢ | ᠲᠣᠭᠲᠠᠭᠠᠯ ᠶᠣᠰᠣᠭᠠᠷ ᠳᠠᠮᠵᠢᠭᠤᠯᠬᠤ ᠬᠤᠭᠤᠯᠠᠢ ᠶᠢ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠪᠠ ᠠᠵᠢᠯ | ᠳᠠᠭᠤᠰᠤᠭᠰᠠᠨ ᠢ ᠰᠢᠯᠭᠠᠨ ᠠᠪᠬᠤ ᠬᠡᠷᠡᠭᠲᠡᠢ ᠪᠥᠭᠡᠳ ᠲᠤᠰᠬᠠᠢ ᠲᠦᠷᠦᠯ ᠢᠶᠠᠷ ᠰᠢᠯᠭᠠᠨ ᠠᠪᠬᠤ ᠲᠤᠬᠠᠢ ᠪᠣᠳᠠᠲᠠᠢ | ᠱᠠᠭᠠᠷᠳᠠᠯᠭ᠎ᠠ ᠭᠠᠷᠭᠠᠬᠤ ᠬᠡᠷᠡᠭᠲᠡᠢ᠃ | ︵ᠳᠥᠷᠪᠡ︶ ᠬᠤᠭᠤᠯᠠᠶ ᠶᠢ ᠬᠠᠮᠠᠭᠠᠯᠠᠵᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ | ᠨᠢᠭᠡ ᠳᠤ᠂ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠠᠵᠢᠯᠯᠠᠬᠤ ᠶᠢ ᠨᠢ ᠵᠣᠭᠰᠣᠭᠠᠵᠤ᠂ ᠪᠢᠲᠡᠭᠦᠮᠵᠢᠯᠡᠨ | ᠬᠠᠳᠠᠭᠠᠯᠠᠭᠰᠠᠨ ᠬᠤᠭᠤᠯᠠᠶ ᠶᠢ ᠳᠠᠭᠢᠵᠤ ᠠᠵᠢᠯᠯᠠᠭᠤᠯᠬᠤ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠨᠡᠮᠡᠵᠦ᠂ | ᠬᠤᠭᠤᠯᠠᠢ ᠶᠢ ᠳᠠᠬᠢᠨ ᠠᠵᠢᠯᠯᠠᠭᠤᠯᠬᠤ ᠳᠤ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠶᠢ ᠪᠡᠶᠡᠯᠡᠭᠦᠯᠵᠦ ᠳᠡᠶᠢᠯᠬᠦ ᠶᠢ | ᠲᠣᠳᠣᠷᠬᠠᠶᠢᠯᠠᠬᠤ ᠶᠢᠨ ᠬᠠᠮᠲᠤ ᠤᠤᠯ ᠤᠨ ᠳᠠᠩᠰᠠᠯᠠᠭᠤᠯᠤᠭᠰᠠᠨ ᠬᠤᠭᠤᠯᠠᠶ ᠶᠢ ᠬᠠᠮᠠᠭᠠᠯᠠᠬᠤ ᠠᠵᠢᠯ ᠢ ᠭᠤᠤᠯᠴᠢᠯᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ ᠮᠡᠳᠡᠭᠳᠡᠨ᠎ᠡ᠃ ᠬᠤᠶᠠᠷ ᠲᠤ᠂ ᠭᠠᠵᠠᠷ ᠲᠤᠤᠷᠠᠬᠢ ᠮᠠᠯᠲᠠᠬᠤ ᠠᠵᠢᠯ | ᠪᠤᠶᠤ ᠬᠠᠨᠳᠤᠯᠭ᠎ᠠ ᠲᠠᠢ ᠪᠠᠷ ᠥᠷᠥᠮᠳᠡᠬᠦ᠂ ᠳᠡᠭᠡᠬᠦᠷ ᠬᠤᠭᠤᠯᠠᠢ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ | ᠪᠠᠷᠢᠯᠭ᠎ᠠ ᠶᠢᠨ ᠠᠵᠢᠯ ᠬᠢᠬᠦ ᠳᠤ ᠭᠦᠷᠪᠡᠯ᠂ ᠤᠷᠢᠳᠠᠪᠠᠷ ᠬᠠᠷᠢᠶ᠎ᠠ ᠭᠠᠵᠠᠷ ᠤᠨ ᠢᠶᠠᠨ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠠᠵᠢᠯ ᠢ ᠡᠷᠭᠢᠯᠡᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ | ᠵᠥᠪᠰᠢᠶᠡᠷᠡᠭᠦᠯᠦᠭᠰᠡᠨ ᠤ ᠲᠠᠷᠠᠭ᠎ᠠ ᠠᠵᠢᠯᠯᠠᠬᠤ ᠬᠡᠷᠡᠭᠲᠡᠢ ᠭᠡᠳᠡᠭ ᠢ ᠳᠤᠳᠤᠷᠬᠠᠶᠢᠯᠠᠬᠤ ᠬᠡᠷᠡᠭᠲᠡᠢ᠃ ᠭᠤᠷᠪᠠ ᠳᠤ᠂ | ᠳᠠᠮᠵᠢᠭᠤᠯᠬᠤ ᠬᠤᠭᠤᠯᠠᠶ ᠶᠢᠨ ᠥᠨᠳᠥᠷ ᠳᠦᠭᠰᠢᠬᠦᠷᠢ ᠲᠠᠢ ᠣᠷᠤᠨ ᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠨᠡᠮᠡᠭᠳᠡᠭᠦᠯᠵᠦ᠂ ᠳᠠᠮᠵᠢᠭᠤᠯᠬᠤ ᠬᠤᠭᠤᠯᠠᠶ ᠶᠢᠨ ᠠᠵᠤ ᠠᠬᠤᠶᠢᠯᠠᠯ ᠤᠨ ᠳᠠᠮᠵᠢᠭᠤᠯᠬᠤ ᠬᠤᠭᠤᠯᠠᠶ ᠶᠢᠨ ᠦᠨᠳᠦᠷ | ᠳᠦᠭᠰᠢᠭᠦᠷᠢ ᠲᠠᠢ ᠣᠷᠤᠨ ᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠶᠢ ᠲᠣᠳᠣᠷᠬᠠᠶᠢᠯᠠᠨ᠂ ᠬᠠᠷᠠᠭᠠᠨ | ᠳᠡᠯᠭᠡᠴᠡ ᠪᠠᠷ ᠬᠢᠨᠠᠨ ᠡᠵᠡᠮᠳᠡᠵᠦ᠂ ︽ᠨᠢᠭᠡ ᠣᠷᠤᠨ ᠳᠤ ᠨᠢᠭᠡ ᠲᠥᠰᠦᠯ︾ ᠢ ᠨᠠᠶᠢᠳᠠᠪᠤᠷᠢᠵᠢᠭᠤᠯᠬᠤ ᠶᠢᠨ ᠬᠠᠮᠲᠤ | ᠳᠠᠮᠵᠢᠭᠤᠯᠬᠤ ᠬᠤᠭᠤᠯᠠᠶ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠬᠤᠪᠢᠷᠠᠯᠲᠠ ᠶᠢ ᠦᠨᠳᠦᠰᠦᠯᠡᠨ᠂ | ᠦᠨᠳᠦᠷ ᠲᠦᠭᠰᠢᠬᠦᠷᠢ ᠲᠠᠢ ᠣᠷᠤᠨ ᠢ ᠴᠠᠭ ᠲᠤᠬᠠᠶ ᠳᠤᠨᠢ ᠢᠯᠭᠠᠨ ᠲᠠᠨᠢᠵᠤ ᠳᠡᠮᠳᠡᠭᠯᠡᠯ ᠦᠯᠡᠳᠡᠭᠡᠬᠦ ᠭᠡᠷᠡᠭᠲᠡᠢ᠃ |