︽2021 ᠣᠨ ᠤ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ︾ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠮᠡᠳᠡᠭᠳᠡᠯ
ᠨᠡᠶᠢᠲᠡᠯᠡᠭᠰᠡᠨ ᠴᠠᠭ᠄
2021/4/17
ᠡᠯ᠎ᠡ ᠵᠡᠭᠡᠯᠢ ᠪᠠᠯᠭᠠᠰᠤ᠂ ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ᠄      ᠲᠤᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2021 ᠣᠨ ᠤ ᠭᠤᠤᠯ ᠵᠢᠱᠢᠭᠰᠡᠨ ᠬᠠᠷᠠᠯᠲᠠ ᠶᠢ ᠳᠤᠷᠠᠳᠴᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠠ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ  ᠳᠤ᠂ ᠬᠠᠷᠢᠭᠤᠴᠠᠯᠭ᠎ᠠ ᠬᠦᠨᠳᠤ ᠴᠢᠬᠤᠯᠠ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠲᠤᠭᠤᠷᠢᠭ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ᠂ ᠤᠳᠤ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠤᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃       ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠡᠯ᠎ᠡ ᠵᠡᠭᠡᠯᠢ ᠪᠠᠯᠭᠠᠰᠤ᠂ ᠲᠤᠭᠤᠷᠢᠭ ᠤᠨ ᠬᠠᠷᠢᠶ᠎ᠠ᠂  ᠲᠤᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠬᠡᠴᠡ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂  ᠦᠢᠯᠡᠳᠦᠯᠬᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠡᠨᠡ ᠵᠢᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠦᠨᠡᠨᠬᠦ ᠪᠡᠶ᠎ᠡ ᠪᠠᠷ ᠢᠶᠠᠨ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠪᠡᠶ᠎ᠡ ᠪᠠᠷ ᠢᠶᠠᠨ ᠲᠣᠬᠢᠷᠠᠭᠤᠯᠤᠨ᠂  ᠡᠮᠦᠨ᠎ᠡ ᠹᠷᠤᠨᠲ ᠲᠤ ᠬᠦᠷᠴᠦ ᠵᠢᠯᠤᠭᠤᠳᠤᠨ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃     ᠬᠤᠶᠠᠷ ᠲᠤ᠂ ᠬᠠᠷᠠᠯᠲᠠ ᠳᠤ ᠲᠤᠬᠳᠠᠭᠠᠬᠰᠠᠨ ᠡᠭᠦᠷᠭᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠡᠯ᠎ᠡ ᠵᠡᠭᠡᠯᠢ ᠪᠠᠯᠭᠠᠰᠤ᠂ ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡᠯᠡᠵᠦ ᠪᠥᠬᠦᠶ ᠭᠤᠤᠯᠳᠠᠯᠭ᠎ᠠ ᠲᠠᠢ ᠠᠵᠢᠯ ᠤᠨ ᠡᠭᠦᠷᠭᠡ ᠲᠠᠢ ᠪᠠᠨ ᠬᠠᠷᠭᠤᠭᠤᠯᠵᠤ᠂ ᠵᠦᠢᠯ ᠨᠢᠬᠡᠪᠦᠷᠢ ᠳᠤ ᠬᠡᠷᠡᠭᠵᠢᠭᠦᠯᠬᠦ ᠲᠥᠰᠦᠯ ᠲᠣᠭᠲᠠᠭᠠᠵᠤ᠂ ᠠᠵᠢᠯ ᠤᠨ ᠬᠠᠷᠠᠯᠲᠠ᠂ ᠬᠠᠷᠢᠭᠤᠴᠠᠯᠭ᠎ᠠ ᠶᠢᠨ ᠤᠳᠤᠷᠢᠳᠤᠯᠭ᠎ᠠ᠂ ᠴᠠᠭ ᠤᠨ ᠬᠢᠵᠠᠭᠠᠷ ᠤᠨ ᠠᠬᠢᠴᠠ ᠪᠤᠯᠤᠨ ᠠᠵᠢᠯ ᠤᠨ ᠠᠷᠭ᠎ᠠ ᠠᠪᠴᠠᠯ ᠢ ᠲᠣᠳᠣᠷᠬᠠᠶᠢᠯᠠᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ ᠬᠡᠮᠵᠢᠶᠡᠵᠢᠭᠦᠯᠦᠭᠰᠡᠨ ᠰᠠᠭᠤᠷᠢᠨ ᠳᠡᠭᠡᠷ᠎ᠡ ︽ᠲᠦᠯᠦᠪᠯᠡᠭᠡ ᠲᠤᠭᠳᠠᠭᠠᠨ ᠪᠠᠶᠢᠯᠳᠤᠭᠠᠨ  ᠬᠢᠵᠤ︾᠂ ᠪᠣᠳᠠᠲᠠᠶ ᠡᠭᠦᠷᠭᠡ ᠶᠢ ᠱᠠᠲᠤ ᠱᠠᠲᠤ ᠪᠠᠷ ᠵᠠᠳᠠᠯᠵᠤ᠂ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠰᠠᠶᠢᠲᠤᠷ ᠠᠳᠬᠤᠵᠤ᠂ 2021 ᠣᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ ᠳᠤ᠂ ᠡᠭᠦᠷᠭᠡ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠤ᠂ ᠬᠠᠷᠢᠭᠤᠴᠠᠯᠭ᠎ᠠ   ᠶᠢ ᠲᠦᠯᠬᠢᠬᠦ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠵᠡᠭᠡᠯᠢ ᠪᠠᠯᠭᠠᠰᠤ᠂ ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠳᠠᠯ ᠢ ᠴᠢᠬᠤᠯᠠ ᠪᠠᠶᠢᠷᠢᠨ ᠳᠤ ᠳᠡᠯᠪᠢᠨ ᠠᠳᠬᠤᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠠᠷᠢᠭᠤᠴᠠᠯᠭ᠎ᠠ ᠶᠢᠨ ᠤᠬᠠᠮᠰᠠᠷ ᠪᠣᠯᠤᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︔ ᠡᠯ᠎ᠡ ᠣᠷᠣᠯᠴᠠᠭᠰᠠᠨ ᠨᠢᠭᠡᠴᠡ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠦᠬᠦᠯᠡᠨ ᠬᠢᠬᠦ ᠨᠢᠭᠡᠴᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠠᠪᠰᠤᠷᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ ᠶᠠᠰᠤ ᠴᠢᠨᠠᠷ ᠲᠠᠢ᠂ ᠲᠤᠭ᠎ᠠ ᠬᠡᠮᠵᠢᠶ᠎ᠡ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠯᠠᠨ ᠰᠠᠯᠠᠭ᠎ᠠ ᠮᠥᠴᠢᠷ ᠬᠠᠮᠲᠤ ᠪᠠᠷ ᠡᠭᠦᠷᠭᠡᠯᠡᠭᠰᠡᠨ ᠪᠥᠭᠡᠳ ᠰᠠᠯᠠᠭ᠎ᠠ ᠮᠥᠴᠢᠷ ᠬᠤᠭᠤᠷᠣᠨᠳᠣ ᠪᠠᠨ ᠬᠠᠷᠢᠯᠴᠠᠨ ᠲᠦᠯᠬᠢᠯᠴᠡᠵᠦ ᠬᠠᠷᠢᠭᠤᠴᠠᠨ ᠬᠦᠢᠴᠡᠳᠬᠡᠬᠦ ᠬᠥᠮᠦᠨ ᠥᠬᠡᠶ ᠪᠠᠶᠢᠬᠤ ᠠᠵᠢᠯ ᠤᠨ ᠡᠭᠦᠷᠭᠡ ᠳᠤ ᠴᠢᠭᠯᠡᠭᠦᠯᠦᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠵᠠᠷᠯᠠᠯ ᠳᠠᠷᠤᠮᠠᠯᠯᠠᠨ ᠲᠠᠷᠬᠠᠭᠠᠵᠤ᠂ ᠵᠠᠷᠯᠠᠨ ᠨᠡᠶᠢᠳᠡᠯᠡᠭᠰᠡᠨ ᠤ ᠳᠠᠷᠠᠭ᠎ᠠ ᠮᠥᠨ ᠬᠦ ᠨᠠᠶᠢᠳᠠᠪᠤᠷᠢᠵᠢᠭᠤᠯᠬᠤ ᠶᠢᠨ ᠠᠷᠭ᠎ᠠ ᠥᠬᠡᠶ ᠪᠠᠶᠢᠪᠠᠯ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠬᠠᠷᠢᠭᠤᠴᠠᠯᠭ᠎ᠠ ᠲᠤᠯᠭᠠᠬᠤ ᠲᠠᠰ ᠳᠠᠷᠠᠭᠠᠯᠠᠯ ᠢ ᠡᠬᠢᠯᠡᠭᠦᠯᠬᠦ ᠰᠠᠨᠠᠭᠤᠯᠭ᠎ᠠ ᠭᠠᠷᠭᠠᠨ᠎ᠠ᠃       ᠳᠥᠷᠪᠡ ᠳᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠦᠷᠭᠦᠯᠵᠢᠯᠡᠨ ᠰᠠᠷ᠎ᠠ ᠰᠠᠷ᠎ᠠ ᠪᠠᠷ ᠲᠣᠬᠢᠷᠠᠭᠤᠯᠤᠯᠲᠠ ᠬᠢᠬᠦ ᠲᠦᠷᠢᠮ ᠢ ᠬᠡᠷᠡᠭᠵᠢᠭᠦᠯᠵᠦ᠂ ᠡᠯ᠎ᠡ ᠨᠢᠭᠡᠴᠡ ᠶᠢᠨ ᠬᠢᠨ ᠲᠤᠰᠬᠠᠶ ᠬᠠᠷᠢᠭᠤᠴᠠᠬᠤ ᠬᠥᠮᠦᠨ ᠲᠤᠬᠢᠷᠠᠭᠤᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠱᠠᠳᠤᠴᠢ ᠴᠢᠨᠠᠷᠲᠠᠶ ᠨᠠᠶᠢᠳᠠᠪᠤᠷᠢᠵᠢᠭᠤᠯᠬᠤ ᠵᠢᠴᠢ ᠡᠭᠦᠷᠭᠡ ᠶᠢ ᠬᠤᠪᠢᠶᠠᠷᠢᠯᠠᠬᠰᠠᠨ ᠬᠦᠰᠦᠨᠦᠭᠲᠦ ᠶᠢ ᠲᠢᠭᠯᠡᠬᠦ᠂ ᠬᠦᠷᠬᠡᠨ ᠮᠡᠳᠡᠭᠦᠯᠬᠦ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠰᠠᠨᠠᠯ ᠰᠠᠨᠠᠭᠤᠯᠭ᠎ᠠ ᠳᠤᠷᠠᠳᠴᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠮᠥᠷᠳᠡᠨ ᠱᠠᠯᠠᠪᠳᠠᠭᠤᠯᠤᠨ ᠬᠦᠢᠴᠡᠳᠭᠡᠯᠬᠡᠵᠤ᠂ ᠠᠵᠢᠯ ᠤᠨ ᠡᠬᠡ ᠳᠠᠩᠰᠠ ᠶᠢ ᠲᠡᠭᠦᠯᠳᠡᠷᠵᠢᠭᠦᠯᠦᠨ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠶᠢ ᠬᠠᠮᠵᠢᠨ ᠲᠣᠬᠢᠷᠠᠭᠤᠯᠤᠨ ᠠᠬᠢᠭᠤᠯᠬᠤ ᠶᠢᠨ ᠬᠠᠮᠲᠤ ᠲᠤᠬᠢᠷᠠᠬᠰᠠᠨ ᠴᠠᠭ ᠲᠤᠨᠢ ᠲᠤᠰᠬᠠᠶ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠬᠤᠷᠢᠶᠠᠩᠭᠤᠶᠢᠯᠠᠨ ᠨᠢᠬᠡᠳᠭᠡᠵᠤ  ᠮᠡᠳᠡᠬᠦᠯᠬᠦ ᠬᠡᠷᠡᠭᠳᠡᠢ᠃       2021 ᠣᠨ ᠤ 4 ᠰᠠᠷ᠎ᠠ ᠠᠴᠠ ᠡᠬᠢᠯᠡᠨ᠂ ᠡᠯ᠎ᠡ ᠲᠦᠷᠦᠬᠦᠯᠡᠨ ᠬᠢᠬᠦ ᠨᠢᠭᠡᠴᠡ ᠪᠠ ᠣᠷᠣᠯᠴᠠᠬᠤ ᠨᠢᠭᠡᠴᠡ ᠨᠢ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠠᠭᠠᠯᠵᠠᠭᠰᠠᠨ ᠠᠵᠢᠯᠯᠠᠬᠤ ᠹᠷᠣᠨᠲ ᠤᠨ ᠠᠵᠢᠯᠲᠠᠨ ᠵᠢᠴᠢ ᠲᠤᠭᠤᠷᠢᠭ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠯᠪᠠᠨ ᠬᠡᠷ ᠲᠤ ᠳᠡᠭᠡᠷ᠎ᠡ ᠰᠠᠷ᠎ᠠ ᠶᠢᠨ ᠡᠭᠦᠷᠭᠡ ᠶᠢ ᠬᠤᠪᠢᠶᠠᠷᠢᠯᠠᠭᠰᠠᠨ ᠬᠦᠰᠦᠨᠦᠭᠲᠦ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠦᠯᠵᠦ᠂ ᠮᠡᠳᠡᠬᠦᠯᠬᠦ ᠮᠠᠲ᠋ᠧᠷᠢᠶᠠᠯ ᠢ ᠡᠷᠬᠡᠪᠰᠢ ᠲᠣᠰ ᠨᠢᠭᠡᠴᠡ ᠶᠢᠨ ᠭᠤᠤᠯ ᠬᠠᠷᠢᠭᠤᠴᠠᠯᠭᠠᠲᠠᠨ ᠠᠴᠠ ᠬᠠᠷᠢᠭᠤᠴᠠᠬᠤ ᠶᠢᠨ ᠬᠠᠮᠲᠤ ᠭᠠᠷ ᠤᠨ ᠥᠰᠥᠭ ᠵᠢᠷᠤᠵᠤ ᠵᠦᠪᠰᠢᠶᠡᠷᠡᠬᠦ ᠬᠡᠷᠡᠭᠲᠡᠶ᠂ ᠬᠡᠷᠪᠡ ᠤᠨᠴᠠᠭᠠᠢ ᠪᠠᠶᠢᠳᠠᠯ ᠠᠴᠠ ᠪᠣᠯᠵᠣ ᠴᠠᠭ ᠲᠤᠬᠠᠶ ᠳᠤᠨᠢ ᠭᠠᠷ ᠤᠨ ᠥᠰᠥᠭ ᠵᠢᠷᠤᠬᠤ ᠶᠢᠨ ᠠᠷᠭ᠎ᠠ ᠥᠬᠡᠶ ᠪᠠᠶᠢᠪᠠᠯ᠂ ᠠᠰᠲᠠᠭᠠᠨ ᠪᠠᠶᠢᠳᠠᠯ ᠤᠨ ᠲᠣᠳᠣᠷᠬᠠᠶᠢᠯᠠᠯᠲᠠ ᠬᠡᠵᠤ ᠳᠠᠭᠠᠯᠳᠤᠭᠤᠯᠵᠤ ᠪᠣᠯᠤᠨ᠎ᠠ᠂ ᠵᠢᠱᠢᠶᠡᠯᠡᠪᠡᠯ᠄ ᠵᠢᠷᠬᠢᠶ᠎ᠡ ᠂ ᠴᠠᠬᠢᠮ ᠮᠡᠳᠡᠭᠡ ᠶᠢᠨ  ᠬᠡᠰᠡᠭᠯᠡᠵᠤ ᠠᠪᠤᠬᠰᠠᠨ ᠵᠢᠷᠤᠭ ᠵᠡᠷᠭᠡ ᠲᠣᠰ ᠨᠢᠭᠡᠴᠡ ᠶᠢᠨ ᠭᠤᠤᠯ ᠤᠳᠤᠷᠢᠳᠤᠯᠭ᠎ᠠ ᠶᠢᠨ ᠨᠢᠭᠡᠨᠲᠡ ᠮᠡᠳᠡᠵᠤ ᠣᠶᠢᠯᠠᠭᠠᠭᠰᠠᠨ ᠬᠡᠳᠡᠭ ᠢ  ᠬᠡᠷᠡᠴᠢᠯᠡᠬᠦ ᠭᠡᠷᠡᠴᠢ ᠲᠤᠳᠤᠷᠬᠠᠶᠢᠯᠠᠯᠳᠠ ᠪᠠᠶᠢᠬᠤ᠃ ᠠᠵᠢᠯ ᠤᠨ ᠠᠬᠢᠴᠠ ᠶᠢᠨ ᠪᠠᠶᠢᠳᠠᠯ ᠢ ᠮᠡᠳᠡᠬᠦᠯᠬᠦ ᠡᠯᠧᠺᠲᠷᠣᠨ ᠬᠡᠪᠯᠡᠯ ᠢ  OA ᠬᠠᠮᠲᠤᠷᠠᠨ ᠠᠵᠢᠯᠯᠠᠬᠤ ᠰᠢᠰᠲ᠋ᠧᠮ ᠤᠨ ︽ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠰᠬᠠᠶ ᠪᠤᠯᠤᠩ ᠢᠶᠠᠷ ᠳᠠᠮᠵᠢᠭᠤᠯᠤᠨ ᠮᠡᠳᠡᠭᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠤᠤᠯ ᠤᠳᠤᠷᠢᠳᠤᠯᠭ᠎ᠠ ᠲᠣᠰ ᠨᠢᠭᠡᠴᠡ ᠶᠢᠨ ᠠᠵᠢᠯ ᠳᠤ ᠬᠤᠯᠪᠣᠭᠳᠠᠬᠤ ᠡᠭᠦᠷᠭᠡ ᠶᠢ ᠴᠠᠭ ᠲᠤᠬᠠᠶ ᠳᠤᠨᠢ ᠠᠩᠬᠠᠷᠴᠤ᠂  ᠱᠠᠯᠠᠪᠳᠠᠭᠤᠯᠤᠨ ᠬᠦᠢᠴᠡᠳᠭᠡᠬᠦᠯᠦᠭᠴᠢ ᠪᠣᠯᠤᠨ ᠲᠤᠭᠤᠷᠢᠭ ᠤᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠯᠪᠠᠨ ᠬᠡᠷ ᠯᠦᠭᠡ ᠴᠠᠭ ᠲᠤᠬᠠᠶ ᠳᠤᠨᠢ ᠬᠠᠷᠢᠯᠴᠠᠵᠤ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠲᠤᠬᠳᠠᠬᠰᠠᠨ ᠠᠬᠢᠴᠠ ᠶᠣᠰᠣᠭᠠᠷ ᠴᠠᠭ ᠲᠤᠬᠠᠶ ᠳᠤᠨᠢ ᠪᠡᠶᠡᠯᠡᠬᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠬᠠᠷᠢᠯᠴᠠᠬᠤ ᠬᠥᠮᠦᠨ᠄ ᠸᠠᠩ ᠷᠸᠦ ᠢ᠂ ᠸᠠᠩ ᠴᠢᠶᠠᠩ     ᠬᠠᠷᠢᠯᠴᠠᠬᠤ ᠤᠲᠠᠰᠤ᠄ 2836278᠂ 2836277     ᠬᠠᠷᠢᠯᠴᠠᠬᠤ ᠢᠮᠧᠯ᠄ kqzfdcs@126.com
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号