﹇ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠶ᠎ᠡ﹈ ︽ᠴᠢᠳᠠᠪᠤᠷᠢᠲᠠᠨ ᠤᠷᠢᠵᠤ ᠬᠡᠷᠡᠭᠯᠡᠬᠦ ᠨᠠᠷᠠᠲᠤ ᠰᠤᠷᠭᠠᠭᠤᠯᠢ ᠶᠢᠨ ᠠᠶᠠᠯᠠᠯ︾ ᠤᠨ ᠬᠥᠨᠳᠡᠯᠡᠨ ᠲᠣᠭᠤᠷᠢᠭ ᠤᠨ ᠴᠢᠳᠠᠪᠤᠷᠢᠲᠠᠨ ᠡᠯᠰᠡᠬᠦ ᠠᠵᠢᠯᠯᠠᠭ᠎ᠠ  ᠶᠠᠪᠤᠬᠳᠠᠪᠠ
ᠨᠡᠶᠢᠲᠡᠯᠡᠭᠰᠡᠨ ᠴᠠᠭ᠄
2021/4/8
     ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠭᠦᠨᠵᠡᠭᠡᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠬᠥᠨᠳᠡᠯᠡᠨ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠨᠳᠡᠯᠡᠨ ᠲᠣᠭᠤᠷᠢᠭ ᠲᠤ ᠲᠡᠳᠡᠨ ᠠᠪᠴᠢᠷᠠᠵᠤ ᠠᠵᠢᠯ ᠬᠢᠯᠭᠡᠨ ᠦᠢᠯᠡᠰ ᠪᠤᠰᠬᠠᠬᠤ ᠶᠢ ᠲᠡᠮᠵᠢᠵᠤ᠂ ᠮᠠᠨ ᠤ ᠲᠤᠭᠤᠷᠢᠭ ᠤᠨ ︽ᠳᠥᠷᠪᠡᠨ ᠰᠠᠭᠤᠷᠢᠨ ᠭᠤᠷᠪᠠᠨ ᠣᠷᠣᠨ︾ ᠢ ᠪᠥᠲᠥᠭᠡᠨ ᠪᠠᠶᠢᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠂ 3 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ᠂ ᠬᠥᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠩ ᠸᠧᠶ᠂ ᠮᠧᠶ ᠺᠧ ᠴᠠᠬᠢᠭᠤᠷ᠂  ᠰᠢ ᠸᠠᠩ ᠬᠥᠩᠭᠡᠨ ᠴᠠᠭᠠᠨ ᠤ ᠦᠢᠯᠡᠰ ᠪᠣᠯᠤᠨ ᠭᠦᠸᠧ ᠮᠧᠶ ᠵᠡᠷᠭᠡ 4 ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ  ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠳᠤ ᠬᠦᠷᠴᠦ ︽ᠴᠢᠳᠠᠪᠤᠷᠢᠲᠠᠨ ᠤᠷᠢᠵᠤ ᠬᠡᠷᠡᠭᠯᠡᠬᠦ ᠨᠠᠷᠠᠲᠤ ᠰᠤᠷᠭᠠᠭᠤᠯᠢ ᠶᠢᠨ ᠠᠶᠠᠯᠠᠯ︾ ᠤᠨ ᠠᠵᠢᠯᠲᠠᠨ ᠡᠯᠰᠡᠬᠦ ᠠᠵᠢᠯᠯᠠᠭ᠎ᠠ ᠳᠤ ᠤᠷᠤᠯᠴᠠᠪᠠ᠃      ᠡᠨᠡ ᠵᠢᠯ ᠠᠴᠠ ᠨᠠᠭᠠᠰᠢ᠂ ᠪᠤᠭᠤᠲᠤ ᠬᠤᠲᠠ ᠥᠪᠡᠷᠲᠡᠭᠡᠨ ᠵᠠᠰᠠᠬᠤ ᠣᠷᠣᠨ ᠳᠤ ᠬᠠᠮᠤᠭ ᠤᠨ ᠲᠡᠷᠢᠭᠦᠨ ᠳᠤ ︽ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠠᠬᠢ ᠳᠤᠮᠳᠠ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠠᠵᠢᠯ ᠣᠯᠭᠤᠵᠤ ᠦᠢᠯᠡᠰ ᠪᠤᠰᠬᠠᠬᠤ ᠶᠢ ᠳᠠᠭᠠᠭᠠᠴᠢᠯᠠᠬᠤ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠪᠠ ︽ᠪᠤᠭᠤᠲᠤ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠳᠤ ᠦᠢᠯᠡᠴᠢᠯᠡᠬᠦ ᠠᠷᠭ᠎ᠠ ᠬᠡᠮᠵᠢᠶ᠎ᠡ ᠨᠦᠭᠦᠳ︾ ᠵᠡᠷᠭᠡ ᠭᠤᠷᠪᠠᠨ ᠶᠡᠭᠡ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠮᠠᠨ ᠤ ᠲᠤᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠲᠦᠪᠯᠡᠷᠡᠬᠦᠯᠬᠦ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃ ᠬᠥᠨᠳᠡᠯᠡᠨ ᠲᠣᠭᠤᠷᠢᠭ ᠤᠨ ᠬᠢᠨ ᠴᠢᠳᠠᠪᠤᠷᠢᠲᠠᠨ ᠢ ︽ᠲᠠᠲᠠᠬᠤ᠂ ᠲᠦᠪᠯᠡᠷᠡᠬᠦᠯᠬᠦ᠂ ᠦᠯᠡᠳᠡᠭᠡᠬᠦ︾ ᠲᠠᠯ᠎ᠠ ᠪᠠᠷ ᠬᠦᠴᠦᠯᠡᠨ ᠴᠢᠷᠮᠠᠶᠢᠵᠤ᠂ ᠪᠦᠬᠦ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠠᠵᠤ ᠠᠬᠤᠶᠢᠯᠠᠯ ᠤᠨ ᠲᠣᠭᠤᠷᠢᠨ ᠳᠤ ᠴᠢᠳᠠᠪᠤᠷᠢᠲᠠᠨ ᠤ ᠠᠵᠢᠯ ᠬᠢᠵᠦ ᠦᠢᠯᠡᠰ ᠪᠤᠰᠬᠠᠬᠤ ᠲᠠᠪᠴᠠᠩ ᠢ ᠢᠳᠡᠪᠬᠢᠲᠡᠢ ᠪᠠᠶᠢᠭᠤᠯᠪᠠ᠃ ᠲᠣᠰ ᠤᠳᠠᠭᠠᠨ ᠤ ᠶᠡᠭᠡ ᠳᠡᠭᠡᠳᠦ ᠰᠤᠷᠭᠠᠭᠤᠯᠢ ᠳᠤ ᠬᠦᠷᠴᠦ ᠠᠵᠢᠯᠲᠠᠨ ᠡᠯᠰᠡᠬᠦ ᠠᠵᠢᠯᠯᠠᠭ᠎ᠠ ᠳᠤ᠂ ᠲᠤᠭᠤᠷᠢᠭ ᠤᠨ ᠬᠠᠷᠢᠶ᠎ᠠ ᠣᠷᠣᠨ ᠤ ᠲᠦᠩ ᠸᠧᠶ ᠳᠡᠭᠡᠳᠦ ᠴᠡᠪᠡᠷ ᠲᠠᠯᠠᠰᠲᠤ ᠴᠠᠬᠢᠭᠤᠷ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠮᠸᠢ ᠺᠧ ᠴᠠᠬᠢᠭᠤᠷ ᠤᠨ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠡᠯ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠬᠤᠳᠠᠯᠳᠤᠭᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠳᠤ ᠬᠤᠯᠪᠣᠭᠳᠠᠭᠰᠠᠨ 180 ᠭᠠᠷᠤᠶ ᠠᠵᠢᠯ ᠣᠯᠭᠤᠯᠲᠠ ᠶᠢᠨ ᠠᠵᠢᠯ ᠤᠨ ᠪᠠᠶᠢᠷᠢ ᠬᠠᠩᠭᠠᠵᠤ᠂  ᠲᠡᠬᠦᠰᠬᠦ ᠰᠤᠷᠤᠬᠴᠢᠳ ᠤᠨ 367 ᠬᠤᠪᠢ ᠲᠣᠪᠴᠢ ᠨᠠᠮᠲᠠᠷ ᠢ ᠨᠢ ᠭᠥᠯᠢᠶᠡᠨ ᠠᠪᠴᠤ᠂ ᠲᠤᠬᠠᠶ ᠶᠢᠨ ᠲᠠᠯᠠᠪᠠᠶ ᠳᠤ 238 ᠬᠥᠮᠦᠨ ᠠᠵᠢᠯ ᠣᠯᠭᠤᠯᠲᠠ ᠶᠢᠨ ᠵᠥᠪᠯᠡᠯᠴᠡᠭᠡᠷ ᠲᠣᠬᠢᠷᠠᠯᠴᠠᠪᠠ᠃     ︽ᠴᠢᠳᠠᠪᠤᠷᠢᠲᠠᠨ ᠤᠷᠢᠵᠤ ᠬᠡᠷᠡᠭᠯᠡᠬᠦ ᠨᠠᠷᠠᠲᠤ ᠰᠤᠷᠭᠠᠭᠤᠯᠢ ᠶᠢᠨ ᠠᠶᠠᠯᠠᠯ︾ ᠤᠨ ᠠᠵᠢᠯᠯᠠᠭ᠎ᠠ ᠨᠢ ᠮᠠᠨ ᠤ  ᠲᠤᠭᠤᠷᠢᠭ ᠤᠨ ᠠᠵᠢᠯᠳᠠᠨ ᠬᠡᠷᠡᠭᠯᠡᠬᠦ ᠨᠢᠬᠡᠴᠢ ᠶᠢᠨ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ ᠴᠢᠳᠠᠪᠤᠷᠢᠲᠠᠨ ᠣᠷᠣᠭᠤᠯᠬᠤ ᠳᠤ ᠬᠠᠩᠭᠠᠯᠭ᠎ᠠ ᠬᠡᠷᠡᠭᠴᠡᠭᠡ ᠶᠢᠨ ᠲᠠᠪᠴᠠᠩ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠵᠠᠮ ᠢ ᠥᠷᠭᠡᠳᠬᠡᠪᠡ᠃ ᠡᠨᠡ ᠵᠢᠯ᠂ ᠬᠥᠨᠳᠡᠯᠡᠨ ᠲᠣᠭᠤᠷᠢᠭ ᠨᠢ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠠᠨ ᠤ ᠬᠤᠲᠠ ᠶᠢᠨ ᠭᠠᠳᠠᠷ ᠮᠤᠵᠢ᠂ ᠬᠤᠲᠠ ᠶᠢᠨ ᠶᠡᠭᠡ ᠳᠡᠭᠡᠳᠦ ᠰᠤᠷᠭᠠᠭᠤᠯᠢ ᠠᠴᠠ ᠠᠵᠢᠯᠳᠠᠨ ᠤᠷᠢᠵᠤ ᠡᠯᠰᠡᠬᠦ ᠠᠵᠢᠯᠯᠠᠭ᠎ᠠ ᠳᠤ ᠣᠷᠣᠯᠴᠠᠭᠤᠯᠵᠤ᠂ ᠮᠠᠨ ᠤ ᠲᠤᠭᠤᠷᠢᠭ ᠤᠨ ᠠᠵᠤ ᠠᠬᠤᠶᠢᠯᠠᠯ ᠳᠤ ᠪᠠᠴᠢᠮ ᠱᠠᠭᠠᠷᠳᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠬᠥᠨᠳᠡᠯᠡᠨ ᠲᠣᠭᠤᠷᠢᠭ ᠢ ᠴᠢᠳᠠᠪᠤᠷᠢᠲᠠᠨ ᠢ ᠲᠦᠪᠯᠡᠷᠡᠬᠦᠯᠬᠦ ᠲᠡᠷᠢᠭᠦᠨ ᠰᠣᠩᠭᠤᠯᠲᠠ ᠶᠢᠨ ᠭᠠᠵᠠᠷ ᠪᠣᠯᠭᠠᠨ᠎ᠠ᠃ ︵ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号