︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ | ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠵᠤ ᠰᠢᠪᠲᠤᠯᠤᠯᠲᠠ ᠬᠢᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2021 ᠣᠨ ᠤ ᠪᠥᠬᠦ ᠣᠷᠣᠨ ᠤ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠠᠵᠢᠯ ᠶᠠᠪᠤᠳᠠᠯ ᠤᠨ ᠮᠡᠳᠡᠭᠳᠡᠯ︾ ︵ᠳᠣᠷᠣᠭᠰᠢ | ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠨᠢᠭᠡ᠂ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠠᠬᠤᠢ ᠪᠠᠶᠢᠳᠠᠯ | ︵ᠨᠢᠭᠡ︶ 2020 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠤᠨ ︽ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ︾ | ︽ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠰᠠᠭᠤᠷᠢ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ︾ ᠲᠤᠬᠠᠢ ᠵᠣᠷᠢᠭ ᠰᠠᠨᠠᠭ᠎ᠠ ᠶᠢ ᠲᠤᠭᠤᠰᠢᠯᠠᠭᠤᠯᠤᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠤᠤ ᠯᠢᠨ ᠤ | 2021 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ | ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠳᠤᠷᠠᠳᠤᠭᠰᠠᠨ ︽ᠡᠨᠡ ᠵᠢᠯ ᠤᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ︾᠂ ︽ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ | ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ᠎ᠠ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠪᠠᠶᠢᠳᠠᠯ | ︵ᠨᠢᠭᠡ︶ ᠪᠥᠬᠦ ᠣᠷᠣᠨ ᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ | ᠪᠠᠷᠢᠮᠵᠢᠶ᠎ᠠ ᠶᠢ 772 ᠲᠥᠭᠦᠷᠢᠭ / ᠰᠠᠷ᠎ᠠ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ 40 ᠲᠥᠭᠦᠷᠢᠭ | ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 5.4% ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ 6731 ᠲᠥᠭᠦᠷᠢᠭ / ᠵᠢᠯ ᠳᠤ | ᠬᠦᠷᠭᠡᠵᠦ᠂ ᠳᠡᠭᠡᠷ᠎ᠡ ᠵᠢᠯ ᠤᠨ ᠬᠢ ᠠᠴᠠ 424 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 6.7% | ᠪᠣᠯᠭᠠᠨ᠎ᠠ᠃ | ︵ᠬᠤᠶᠠᠷ︶ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ | ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ 1308 ᠲᠥᠭᠦᠷᠢᠭ / ᠰᠠᠷ᠎ᠠ ᠳᠤ ᠬᠦᠷᠭᠡᠵᠦ᠂ | ᠳᠡᠭᠡᠷ᠎ᠡ ᠵᠢᠯ ᠤᠨ ᠬᠢ ᠠᠴᠠ 62 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 5% ᠪᠣᠯᠭᠠᠨ᠎ᠠ︔ | ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ | ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ 10533 ᠲᠥᠭᠦᠷᠢᠭ / ᠵᠢᠯ ᠳᠤ ᠬᠦᠷᠭᠡᠵᠦ᠂ | ᠳᠡᠭᠡᠷ᠎ᠡ ᠵᠢᠯ ᠤᠨ ᠬᠢ ᠠᠴᠠ 490 ᠲᠥᠭᠦᠷᠢᠭ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 4.9% ᠪᠣᠯᠭᠠᠨ᠎ᠠ᠃ | ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠬᠡᠰᠡᠭ ᠴᠢᠳᠠᠪᠤᠷᠢ ᠪᠠᠨ | ᠠᠯᠳᠠᠭᠰᠠᠳ ᠢ ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ 431 ᠲᠥᠭᠦᠷᠢᠭ / ᠰᠠᠷ᠎ᠠ ᠳᠤ ᠬᠦᠷᠭᠡᠨ᠎ᠡ︔ | ᠪᠥᠬᠦ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ | ᠠᠯᠳᠠᠭᠰᠠᠳ ᠢ ᠬᠠᠷᠠᠭᠠᠯᠵᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ 1087 ᠲᠥᠭᠦᠷᠢᠭ / ᠰᠠᠷ᠎ᠠ ᠳᠤ ᠬᠦᠷᠭᠡᠨ᠎ᠡ᠃ | | ᠭᠤᠷᠪᠠ᠂ ︽ᠮᠡᠳᠡᠭᠳᠡᠯ︾ ᠤᠨ ᠭᠤᠣᠯ ᠠᠭᠤᠯᠭ᠎ᠠ | ︵ᠨᠢᠭᠡ︶ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠡ | ᠡᠯ᠎ᠡ ᠭᠠᠵᠠᠷ ᠤᠨ ᠬᠢᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠪᠠ ᠲᠡᠩᠬᠡᠷᠡᠭᠦᠯᠦᠨ ᠲᠤᠰᠠᠯᠠᠬᠤ | ᠪᠠᠷᠢᠮᠵᠢᠶ᠎ᠠ ᠶᠢ ᠳᠠᠬᠢᠨᠲᠠ ᠳᠣᠭᠢᠷᠠᠭᠤᠯᠬᠤ ᠲᠠᠰ ᠳᠠᠷᠠᠭᠠᠯᠠᠯ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠰᠢᠨ᠎ᠡ ᠪᠠᠷᠢᠮᠵᠢᠶ᠎ᠠ ᠶᠣᠰᠣᠭᠠᠷ ᠪᠠᠯᠠ ᠮᠥᠩᠭᠦ ᠨᠥᠬᠦᠪᠥᠷᠢᠯᠡᠨ ᠣᠯᠭᠤᠬᠤ ᠴᠠᠭ ᠤᠨ ᠬᠢᠵᠠᠭᠠᠷ ᠢ ᠲᠡᠷᠡ ᠳᠠᠷᠤᠢ ᠳᠤ ᠨᠢ | ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠪᠠᠶᠢᠴᠠᠭᠠᠯᠲᠠ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢ ᠲᠡᠷᠡ ᠳᠠᠷᠤᠢ ᠳᠤ ᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨ | ᠬᠦ ᠪᠠᠲᠤᠯᠠᠬᠤ ᠬᠡᠷᠡᠭᠲᠡᠶ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠵᠤ ᠰᠠᠭᠤᠷᠢ ᠠᠴᠠ ᠨᠢ ᠪᠠᠲᠤᠯᠠᠭᠰᠠᠨ | ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠯᠳᠤᠭᠤᠯᠬᠤ ᠶᠢ | ᠪᠠᠬᠢᠵᠢᠭᠦᠯᠦᠨ ᠥᠷᠭᠡᠳᠬᠡᠨ᠎ᠡ᠃ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠡᠯ᠎ᠡ ᠭᠠᠵᠠᠷ ᠤᠳ ᠤᠨ ᠬᠢᠨ | ᠲᠡᠩᠬᠡᠷᠡᠭᠦᠯᠦᠨ ᠲᠤᠰᠠᠯᠠᠬᠤ ᠲᠥᠷᠥ ᠶᠢᠨ ᠪᠤᠳᠤᠯᠭ᠎ᠠ ᠶᠢᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠠᠵᠢᠯ | ᠣᠯᠤᠭᠰᠠᠨ ᠮᠥᠷᠲᠡᠭᠡᠨ ᠭᠡᠷ ᠪᠦᠯᠢ ᠶᠢᠨ ᠬᠥᠮᠦᠨ ᠠᠮᠠ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ ᠳᠤ ᠠᠯᠬᠤᠮ ᠠᠯᠬᠤᠮ ᠢᠶᠠᠷ ᠬᠠᠪᠰᠤᠷᠤᠨ ᠲᠡᠳᠬᠦᠬᠦ ᠠᠴᠠ ᠠᠯᠬᠤᠮ ᠠᠯᠬᠤᠮ ᠢᠶᠠᠷ ᠪᠤᠴᠠᠭᠠᠨ | ᠭᠠᠷᠭᠠᠬᠤ ᠬᠡᠷᠡᠭᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ | ᠰᠢᠨᠵᠢᠯᠡᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ | ᠬᠥᠳᠡᠯᠦᠯᠴᠡᠵᠦ ᠲᠦᠭᠰᠢᠭᠦᠷᠢ ᠶᠢ ᠰᠡᠷᠡᠮᠵᠢᠯᠡᠭᠦᠯᠬᠦ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ | ᠬᠠᠮᠵᠢᠨ ᠭᠦᠢᠴᠡᠳᠬᠡᠭᠴᠢ ᠶᠢᠨ ᠲᠥᠷᠢᠮ ᠢ ᠪᠥᠷᠢᠨᠰᠢᠬᠦᠯᠥᠨ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ︶ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠶᠢᠨ ᠪᠠᠴᠢᠮ ᠪᠠᠶᠢᠳᠠᠯ ᠠᠴᠠ ᠠᠪᠤᠷᠠᠵᠤ | ᠬᠦᠴᠢᠷᠳᠡᠯ ᠢ ᠰᠢᠢᠳᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠡᠯ᠎ᠡ ᠭᠠᠵᠠᠷ ᠤᠨ ᠬᠢᠨ ᠲᠡᠩᠬᠡᠷᠡᠭᠦᠯᠦᠨ | ᠲᠤᠰᠠᠯᠠᠬᠤ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠪᠠ ᠪᠠᠯᠠ ᠮᠥᠩᠭᠦ ᠶᠢᠨ | ᠵᠠᠷᠤᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ | ᠨᠠᠷᠢᠯᠢᠬᠵᠢᠭᠤᠯᠤᠨ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠵᠦ᠂ | ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠳᠤ | ᠲᠤᠯᠭᠠᠷᠠᠭᠰᠠᠨ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠡᠯᠡᠳᠬᠡᠯ | ᠮᠥᠩᠭᠦ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ | ︵ᠳᠥᠷᠪᠡ︶ ᠨᠡᠶᠢᠭᠡᠮ ᠤᠨ ᠲᠡᠩᠬᠡᠷᠡᠭᠦᠯᠦᠭᠳᠡᠨ ᠲᠤᠰᠠᠯᠠᠭᠳᠠᠬᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠬᠢᠨ ᠬᠠᠷᠭᠤᠭᠤᠯᠬᠤ | ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠮᠡᠳᠡᠭᠡ ᠵᠠᠩᠭᠢ ᠪᠠᠨ ᠬᠠᠮᠲᠤ ᠳᠤ ᠪᠠᠨ ᠭᠥᠷᠳᠡᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠨᠡᠶᠢᠭᠡᠮ ᠤᠨ | ᠲᠡᠩᠬᠡᠷᠡᠭᠦᠯᠦᠭᠳᠡᠨ ᠲᠤᠰᠠᠯᠠᠭᠳᠠᠭᠰᠠᠳ ᠤᠨ ᠪᠠᠩᠬᠢ ᠶᠢᠨ ᠬᠠᠳᠠᠭᠠᠯᠠᠮᠵᠢ᠂ ᠮᠥᠩᠭᠦᠨ ᠭᠦᠢᠯᠭᠡᠭᠡᠨ ᠤ ᠡᠳ᠋ ᠤᠨ | ᠶᠠᠪᠤᠳᠠᠯ ᠤᠨ ᠨᠡᠷᠡᠳᠬᠦᠨ ᠤ ᠲᠤᠰᠬᠠᠶ ᠱᠤᠭᠤᠮ ᠢ ᠴᠠᠭ ᠲᠤᠬᠠᠢ ᠳᠤ ᠨᠢ ᠬᠠᠷᠭᠤᠭᠤᠯᠬᠤ ᠠᠵᠢᠯ ᠢ ᠥᠷᠨᠢᠭᠦᠯᠬᠦ | ᠬᠡᠷᠡᠭᠲᠡᠢ᠃ | ︵ᠲᠠᠪᠤ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠡᠯ᠎ᠡ ᠭᠠᠵᠠᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ | ᠤᠶᠠᠯᠳᠤᠭᠤᠯᠵᠤ᠂ ᠬᠦᠴᠢᠷᠳᠡᠯᠲᠡᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠦᠨ ᠤᠯᠠᠨ | ᠲᠦᠮᠡᠨ ᠳᠤ ᠦᠨᠡᠨ ᠪᠣᠳᠠᠲᠠᠢ ᠠᠵᠢᠯ ᠬᠢᠵᠦ ᠥᠭᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠢᠶᠠᠷ | ᠲᠡᠩᠬᠡᠷᠡᠭᠦᠯᠦᠨ ᠲᠤᠰᠠᠯᠠᠭᠤᠯᠬᠤ ᠳᠤ ᠬᠠᠩᠭᠠᠬᠤ ᠴᠢᠬᠤᠯᠠᠲᠠᠶ ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ | ᠳᠥᠭᠦᠮᠴᠢᠯᠡᠵᠦ᠂ ᠠᠶᠢᠮᠠᠭ ᠬᠤᠲᠠ ᠶᠢᠨ ᠬᠢᠨ ᠬᠠᠷᠢᠶ᠎ᠠ ᠭᠠᠵᠠᠷ ᠣᠷᠣᠨ ᠢᠶᠠᠨ ᠵᠢᠯᠣᠭᠤᠳᠴᠤ ᠪᠠᠶᠢᠭᠠᠳ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠬᠤ᠂ ᠣᠨᠴᠠ ᠬᠦᠴᠢᠷᠳᠡᠯᠲᠡᠶ ᠬᠥᠮᠥᠰ ᠢ ᠲᠡᠩᠬᠡᠷᠡᠭᠦᠯᠦᠨ ᠲᠤᠰᠠᠯᠠᠬᠤ | ᠵᠡᠷᠭᠡ ᠨᠡᠶᠢᠭᠡᠮ ᠤᠨ ᠲᠡᠩᠬᠡᠷᠡᠭᠦᠯᠦᠯ ᠲᠤᠰᠠᠯᠠᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠪᠠᠭᠤᠯᠭᠠᠬᠤ | ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠬᠢᠨᠠᠨ ᠬᠠᠮᠢᠶᠠᠷᠬᠤ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ | ᠪᠠᠶᠢᠭᠤᠯᠤᠨ᠂ ᠬᠢᠨᠠᠨ ᠬᠠᠮᠢᠶᠠᠷᠬᠤ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠲᠠᠰ ᠳᠠᠷᠠᠭᠠᠯᠠᠯ ᠢ ᠨᠠᠷᠢᠯᠢᠬᠵᠢᠭᠤᠯᠵᠤ᠂ | ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠢ ᠦᠨᠡᠨ ᠬᠦ ᠳᠥᠭᠦᠮᠴᠢᠯᠡᠵᠦ᠂ ᠭᠦᠢᠴᠡᠳᠬᠡᠬᠦ ᠴᠠᠭ ᠬᠤᠭᠤᠴᠠᠭ᠎ᠠ ᠶᠢ | ᠪᠣᠭᠤᠨᠢᠰᠬᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠥᠭᠡᠷᠡᠴᠢᠯᠡᠵᠦ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠶ᠃ | ︵ᠵᠢᠷᠭᠤᠭ᠎ᠠ︶ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨᠠᠯᠲᠠ ᠶᠢ | ᠴᠢᠩᠭᠠᠳᠬᠠᠨ᠎ᠠ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠪᠣᠯᠪᠠᠰᠤᠷᠠᠯ ᠪᠠ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠬᠢᠬᠦ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠲᠠᠰ ᠳᠠᠷᠠᠭᠠᠯᠠᠯ ᠢ ᠨᠠᠷᠢᠯᠢᠬᠵᠢᠭᠤᠯᠵᠤ᠂ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ | |