ᠯᠢ ᠺᠧ ᠴᠢᠶᠠᠩ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢᠨ ᠲᠦᠷᠢᠮ ᠤᠨ ᠳᠡᠭᠡᠳᠦ ᠳᠡᠰ ᠳᠠᠪᠬᠤᠷᠭ᠎ᠠ ᠶᠢᠨ ᠪᠠ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/13
       ᠯᠢ ᠺᠧ ᠴᠢᠶᠠᠩ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢᠨ ᠲᠦᠷᠢᠮ ᠤᠨ ᠳᠡᠭᠡᠳᠦ ᠳᠡᠰ ᠳᠠᠪᠬᠤᠷᠭ᠎ᠠ ᠶᠢᠨ ᠪᠠ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠴᠢᠬᠤᠯᠠᠴᠢᠯᠠᠭᠰᠠᠨ ᠨᠢ       ᠰᠢᠨᠵᠢᠯᠡᠬᠦ ᠤᠬᠠᠭᠠᠨ ᠢ ᠬᠦᠨᠳᠦᠳᠬᠡᠬᠦ ᠮᠡᠳᠡᠯᠭᠡ ᠶᠢ ᠬᠦᠨᠳᠦᠳᠬᠡᠬᠦ ᠴᠢᠳᠠᠪᠤᠷᠢᠲᠠᠨ ᠢ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ       ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠤᠷᠮᠠᠰᠢᠭᠤᠯᠵᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠠᠬᠢᠭᠤᠯᠬᠤ ᠬᠡᠷᠡᠭᠲᠡᠢ ᠬᠠᠨ ᠵᠧᠩ ᠬᠤᠷᠠᠯ ᠳᠤ ᠣᠷᠣᠯᠴᠠᠵᠠᠢ      5 ᠳ᠋ᠤᠭᠠᠷ ᠰᠠᠷ᠎ᠠ ᠶᠢᠨ 11 ᠤ ᠡᠳᠦᠷ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢᠨ ᠳᠥᠷᠢᠮ ᠤᠨ ᠳᠡᠭᠡᠳᠦ ᠳᠡᠰ ᠳᠠᠪᠬᠤᠷᠭ᠎ᠠ ᠶᠢᠨ ᠪᠠ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠳᠤ ᠣᠷᠣᠯᠴᠠᠪᠠ᠃
      ᠬᠤᠷᠠᠯ ᠳᠡᠭᠡᠷ᠎ᠡ᠂ ᠵᠠᠩ ᠵᠢᠶ ᠫᠢᠩ᠂ ᠪᠦ᠋ ᠰᠢᠶᠠᠨ ᠴᠢᠶᠦ᠋ᠨ᠂ ᠦ᠋ ᠴᠧᠨ᠂ ᠸᠠᠩ ᠴᠥᠩ᠂ ᠯᠢ ᠫᠧᠶ ᠵᠡᠷᠭᠡ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠶᠢ ᠬᠦᠷᠲᠡᠭᠰᠡᠨ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯᠲᠡᠨ᠂ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠲᠥᠯᠥᠭᠡᠯᠡᠭᠴᠢᠳ ᠦᠭᠡ ᠬᠡᠯᠡᠭᠰᠡᠨ ᠪᠥᠭᠡᠳ ᠣᠨᠴᠠᠭᠠᠢ ᠨᠡᠮᠡᠯᠭᠡ ᠶᠢᠨ ᠲᠦᠷᠢᠮ ᠢ ᠲᠡᠭᠦᠯᠳᠡᠷᠵᠢᠭᠦᠯᠬᠦ᠂ ᠰᠠᠭᠤᠷᠢ ᠰᠤᠳᠤᠯᠭᠠᠨ ᠢ ᠴᠢᠩᠭᠠᠳᠬᠠᠬᠤ᠂ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠪᠠ ᠵᠠᠯᠠᠭᠤ ᠴᠢᠳᠠᠪᠤᠷᠢᠲᠠᠨ ᠢ ᠳᠡᠮᠵᠢᠬᠦ ᠳᠡᠮᠵᠢᠯᠭᠡ ᠶᠢ ᠴᠢᠩᠭᠠᠷᠠᠭᠤᠯᠬᠤ᠂ ᠣᠯᠠᠨ ᠤᠯᠤᠰ ᠤᠨ ᠰᠣᠯᠢᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠪᠠ᠃ ᠯᠢ ᠺᠧ ᠴᠢᠶᠠᠩ ᠤᠯᠠᠨ ᠲᠠᠢ ᠰᠠᠨᠠᠯ ᠢᠶᠠᠨ ᠰᠣᠯᠢᠯᠴᠠᠵᠤ᠂ ᠣᠨᠴᠠᠭᠠᠢ ᠨᠡᠮᠡᠯᠭᠡ ᠶᠢ ᠬᠦᠷᠲᠡᠭᠰᠡᠨ ᠥᠷᠭᠡᠨ ᠤᠯᠠᠨ ᠴᠢᠳᠠᠪᠤᠷᠢᠲᠠᠨ ᠤ ᠰᠢᠨ᠎ᠡ ᠶᠢ ᠡᠭᠦᠳᠬᠦ ᠳᠤ ᠪᠣᠳᠠᠲᠠᠢ ᠶᠢ ᠡᠷᠬᠢᠮᠯᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠰᠢᠯᠢᠳᠡᠭ ᠰᠣᠶᠣᠯ ᠢ ᠪᠠᠳᠠᠷᠠᠭᠤᠯᠬᠤ ᠵᠡᠷᠭᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠴᠠ ᠤᠯᠠᠨ ᠤ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠬᠤ ᠬᠡᠷᠡᠭᠲᠡᠢ ᠭᠡᠵᠦ ᠱᠠᠭᠠᠷᠳᠠᠪᠠ᠃
     ᠯᠢ  ᠺᠧ ᠴᠢᠶᠠᠩ ᠬᠡᠯᠡᠬᠦ ᠳᠤ ᠪᠠᠨ᠂ ᠵᠠᠰᠠᠭ ᠤᠨ ᠣᠷᠳᠣᠨ ᠤ ᠣᠨᠴᠠᠭᠠᠢ ᠨᠡᠮᠡᠯᠭᠡ ᠪᠣᠯ ᠨᠠᠮ ᠪᠠ ᠤᠯᠤᠰ ᠠᠴᠠ ᠴᠢᠳᠠᠪᠤᠷᠢᠲᠠᠨ ᠢ ᠬᠦᠨᠳᠦᠳᠬᠡᠬᠦ᠂ ᠬᠠᠯᠠᠮᠵᠢᠯᠠᠬᠤ᠂ ᠳᠡᠮᠵᠢᠬᠦ ᠴᠢᠬᠤᠯᠠ ᠳᠦᠷᠢᠮ ᠤᠨ ᠲᠣᠬᠢᠷᠠᠭᠤᠯᠤᠯᠲᠠ ᠮᠥᠨ᠂ ᠲᠡᠭᠦᠨ ᠢ ᠬᠡᠷᠡᠭᠵᠢᠭᠦᠯᠦᠭᠰᠡᠨ 30 ᠵᠢᠯ ᠤᠨ ᠲᠤᠷᠰᠢ ᠢᠯᠡᠳᠲᠡ ᠠᠮᠵᠢᠯᠲᠠ ᠪᠦᠲᠦᠮᠵᠢ ᠣᠯᠵᠠᠶ᠃ ᠡᠨᠡ ᠬᠦ ᠲᠦᠷᠢᠮ ᠨᠢ ᠡᠳ᠋ ᠪᠣᠳᠠᠰ ᠤᠨ ᠬᠥᠬᠢᠭᠦᠯᠦᠯ ᠢ ᠴᠢᠬᠤᠯᠠᠴᠢᠯᠠᠬᠤ ᠦᠭᠡᠢ ᠬᠠᠷᠢᠨ ᠢᠷᠠᠭᠤ ᠠᠯᠳᠠᠷ ᠤᠨ ᠤᠷᠮᠠᠰᠢᠭᠤᠯᠤᠯ ᠢ ᠴᠢᠩᠭᠠᠳᠬᠠᠵᠤ᠂ ᠥᠷᠭᠡᠨ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠪᠠ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠤ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠤᠯᠤᠰ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠳᠤ ᠢᠳᠡᠪᠬᠢᠲᠡᠢ ᠣᠷᠣᠯᠴᠠᠬᠤ ᠶᠢ ᠬᠦᠴᠦᠲᠡᠢ ᠠᠬᠢᠭᠤᠯᠵᠠᠢ᠃ ᠰᠢᠨ᠎ᠡ ᠴᠠᠭ ᠤᠨ ᠪᠠᠶᠢᠳᠠᠯ ᠳᠣᠣᠷ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠴᠢᠳᠠᠪᠤᠷᠢᠲᠠᠨ ᠢ ᠤᠷᠮᠠᠰᠢᠭᠤᠯᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠬᠡᠷᠡᠭᠲᠡᠢ ᠭᠡᠵᠡᠢ᠃
     ᠯᠢ  ᠺᠧ ᠴᠢᠶᠠᠩ ᠬᠡᠯᠡᠬᠦ ᠳᠤ ᠪᠠᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠴᠢᠳᠠᠪᠤᠷᠢᠲᠠᠨ ᠳᠤ ᠲᠦᠰᠢᠭᠯᠡᠵᠦ᠂ ᠠᠵᠢᠯᠴᠢ ᠬᠥᠳᠡᠯᠮᠦᠷᠢᠴᠢ ᠤᠶᠤᠨ ᠤᠬᠠᠭᠠᠨ ᠲᠠᠢ ᠠᠷᠠᠳ ᠤᠯᠠᠨ ᠳᠤ ᠲᠦᠰᠢᠭᠯᠡᠬᠦ ᠬᠡᠷᠡᠭᠲᠡᠢ᠃ ᠳᠤᠮᠳᠠᠳᠤ ᠤᠯᠤᠰ ᠰᠢᠭ᠋ ᠡᠶᠢᠮᠦ 14 ᠳ᠋ᠦᠩᠰᠢᠭᠤᠷ ᠬᠥᠮᠦᠨ ᠠᠮᠠ ᠲᠠᠢ ᠲᠤᠮᠤ ᠤᠯᠤᠰ ᠲᠤ ᠣᠳᠣᠬᠢᠴᠢᠯᠠᠯᠲᠠ ᠶᠢ ᠪᠡᠶᠡᠯᠡᠭᠦᠯᠬᠦ ᠶᠠᠪᠤᠳᠠᠯ ᠪᠣᠯ ᠬᠥᠮᠦᠨ ᠲᠥᠷᠥᠯᠬᠢᠲᠡᠨ ᠤ ᠲᠡᠦᠬᠡᠨ ᠳᠤ ᠭᠠᠷᠴᠤ ᠥᠩᠭᠡᠷᠡᠭᠡ ᠦᠭᠡᠢ ᠠᠭᠤᠤ ᠦᠢᠯᠡᠰ ᠪᠠᠶᠢᠵᠤ᠂ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠳᠤ ᠲᠤᠯᠭᠠᠷᠠᠬᠤ ᠪᠣᠯᠣᠨ᠎ᠠ᠃ ᠭᠡᠪᠡᠴᠦ ᠪᠢᠳᠡ ᠬᠥᠮᠦᠨ ᠤ ᠬᠦᠴᠦ ᠪᠠ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠪᠠᠯ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠦᠴᠦᠨ ᠪᠤᠯᠵᠤ ᠴᠢᠳᠠᠨ᠎ᠠ᠃ ᠰᠢᠨᠵᠢᠯᠡᠬᠦ ᠤᠬᠠᠭᠠᠨ ᠢ ᠬᠦᠨᠳᠦᠳᠬᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠮᠡᠳᠡᠯᠭᠡ ᠶᠢ ᠬᠦᠨᠳᠦᠳᠬᠡᠵᠦ᠂ ᠤᠯᠠᠨ ᠤ ᠳᠠᠪᠠᠭᠤᠯᠢᠭ ᠢ ᠥᠷᠭᠡᠨ ᠢᠶᠠᠷ ᠰᠢᠩᠭᠡᠭᠡᠨ ᠠᠪᠴᠤ᠂ ᠴᠢᠳᠠᠪᠤᠷᠢᠲᠠᠨ ᠢ ᠬᠠᠶᠢᠷᠠᠯᠠᠨ ᠬᠥᠨᠳᠦᠳᠬᠡᠵᠦ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ ᠪᠠᠷ ᠴᠢᠳᠠᠪᠤᠷᠢᠲᠠᠨ ᠢ ᠰᠣᠩᠭᠤᠨ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠬᠤᠶᠢᠨ᠎ᠠ ᠬᠤᠶᠢᠨ᠎ᠠ ᠠᠴᠠ ᠪᠠᠨ ᠴᠣᠯᠭᠤᠷᠠᠨ ᠭᠠᠷᠬᠤ ᠪᠠ ᠣᠷᠦ᠋ᠢᠯᠠᠭᠰᠠᠨ ᠴᠢᠳᠠᠪᠤᠷᠢᠲᠠᠨ ᠴᠣᠯᠭᠤᠷᠠᠨ ᠭᠠᠷᠬᠤ ᠰᠠᠶᠢᠨ ᠰᠠᠶᠢᠬᠠᠨ ᠪᠠᠶᠢᠳᠠᠯ ᠪᠦᠷᠢᠯᠳᠦᠬᠦ ᠶᠢ ᠠᠬᠢᠭᠤᠯᠬᠤ ᠬᠡᠷᠡᠭᠲᠡᠶ᠃ ᠴᠢᠳᠠᠪᠤᠷᠢᠲᠠᠨ ᠢ ᠬᠥᠮᠦᠵᠢᠭᠦᠯᠬᠦ ᠳᠤ ᠦᠨᠳᠦᠰᠦᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠶᠢ ᠴᠢᠬᠤᠯᠠᠴᠢᠯᠠᠵᠤ᠂ ᠰᠠᠭᠤᠷᠢ ᠶᠢ ᠠᠯᠬᠤᠮ ᠠᠯᠬᠤᠮ ᠢᠶᠠᠷ ᠪᠠᠲᠤᠳᠬᠠᠵᠤ᠂ ᠰᠠᠭᠤᠷᠢ ᠮᠡᠳᠡᠯᠭᠡ ᠪᠠ ᠤᠨᠤᠯ ᠢ ᠰᠤᠷᠤᠯᠴᠠᠨ ᠡᠵᠡᠮᠰᠢᠬᠦ ᠶᠢ ᠴᠢᠬᠤᠯᠠᠴᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠣᠩᠭᠤᠳᠠᠭ ᠪᠦᠲᠦᠭᠡᠯ ᠢ ᠰᠤᠳᠤᠯᠤᠨ ᠤᠩᠰᠢᠬᠤ ᠪᠠ ᠤᠯᠠᠮᠵᠢᠯᠠᠨ ᠵᠠᠯᠭᠠᠮᠵᠢᠯᠠᠵᠤ᠂ ᠬᠦᠢᠳᠡᠨ ᠰᠠᠨᠳᠠᠯᠢ ᠳᠤ ᠰᠠᠭᠤᠬᠤ᠂ ︽ᠠᠷᠪᠠᠨ ᠵᠢᠯ ᠳᠤ ᠨᠢᠭᠡ ᠰᠡᠯᠡᠮ᠎ᠡ ᠶᠢ ᠬᠤᠷᠴᠠᠯᠠᠬᠤ︾ ᠰᠠᠭᠤᠷᠢ ᠰᠤᠳᠤᠯᠭᠠᠨ ᠪᠠ ︽ᠤᠷᠳᠤ ᠱᠤᠭᠤᠮ︾ ᠤᠨ ᠰᠤᠳᠤᠯᠭᠠᠨ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠬᠤ ᠬᠡᠷᠡᠭᠲᠡᠶ᠃ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ᠂ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠲᠠ ᠠᠴᠠ ᠨᠢᠭᠲᠠ᠂ ᠤᠷ᠎ᠠ ᠮᠡᠷᠭᠡᠵᠢᠯ ᠳᠤ ᠪᠠᠨ ᠴᠠᠭᠠᠷᠠᠭᠰᠠᠨ ᠨᠡᠩ ᠤᠯᠠᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠣᠨᠴᠠᠭᠠᠢ ᠨᠡᠮᠡᠯᠭᠡ ᠶᠢᠨ ᠲᠦᠷᠢᠮ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠤᠳᠤᠷᠢᠳᠤᠮᠵᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠨᠠᠩ ᠣᠯᠠᠨ ᠬᠥᠮᠦᠨ ᠤ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠪᠠ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠶ᠃ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ ᠲᠣᠯᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠳᠤᠮᠳᠠ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
      ᠯᠢ  ᠺᠧ ᠴᠢᠶᠠᠩ ᠬᠡᠯᠡᠬᠦ ᠳᠤ ᠪᠠᠨ᠂ ᠡᠯ᠎ᠡ ᠲᠦᠷᠦᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠠᠶᠢᠬᠤ ᠬᠡᠷᠡᠭᠲᠡᠶ ᠪᠥᠭᠡᠳ ᠴᠢᠳᠠᠪᠤᠷᠢᠲᠠᠨ ᠤ ᠦᠰᠦᠨ ᠪᠤᠶᠢᠵᠢᠬᠤ ᠪᠠ ᠦᠢᠯᠡᠳᠦᠯ ᠢᠶᠠᠨ ᠪᠠᠳᠠᠷᠠᠭᠤᠯᠬᠤ ᠳᠤ ᠠᠰᠢᠭᠲᠠᠶ ᠣᠷᠴᠢᠨ ᠨᠥᠬᠦᠴᠡᠯ ᠪᠠᠶᠢᠬᠤ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠪᠠᠶᠢᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠵᠤ᠂ ᠡᠯ᠎ᠡ ᠵᠦᠢᠯ ᠤᠨ ᠵᠦᠢ ᠵᠤᠬᠢᠰ ᠦᠭᠡᠢ ᠬᠢᠵᠠᠭᠠᠷᠯᠠᠯ ᠢ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠨᠡᠩ ᠶᠡᠭᠡ ᠡᠵᠡᠨ ᠮᠡᠳᠡᠬᠦ ᠡᠷᠬᠡ ᠲᠠᠢ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠰᠡᠳᠬᠢᠯ ᠰᠠᠨᠠᠭ᠎ᠠ ᠲᠣᠭᠲᠠᠭᠤᠨ᠂ ᠨᠢᠭᠡ ᠰᠡᠳᠬᠢᠯ ᠢᠶᠠᠷ ᠰᠤᠳᠤᠯᠭᠠᠨ ᠬᠢᠵᠦ᠂ ᠨᠢᠭᠡ ᠰᠡᠳᠬᠢᠯ ᠢᠶᠠᠷ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠢᠯ ᠲᠦᠷᠦᠯ ᠨᠢᠭᠡᠪᠦᠷᠢ ᠠᠴᠠ ᠰᠢᠯᠢᠳᠡᠭ ᠴᠢᠳᠠᠪᠤᠷᠢᠲᠠᠨ ᠴᠤᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ ︽ᠦᠷ᠎ᠡ ᠪᠦᠲᠦᠭᠡᠯ ᠢ ᠵᠠᠷᠯᠠᠨ ᠱᠠᠩᠨᠠᠯ ᠬᠥᠬᠢᠭᠦᠯᠦᠯ ᠣᠯᠭᠤᠬᠤ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢᠶᠠᠷ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ ᠴᠢᠳᠠᠪᠤᠷᠢᠲᠠᠨ ᠳᠤ ᠲᠠᠪᠴᠠᠩ ᠣᠯᠭᠤᠬᠤ᠂ ᠢᠷᠠᠭᠤ ᠠᠯᠳᠠᠷ ᠣᠯᠭᠤᠬᠤ ᠪᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠵᠠᠯᠠᠭᠤ ᠴᠢᠳᠠᠪᠤᠷᠢᠲᠠᠨ ᠪᠣᠯ ᠰᠢᠨ᠎ᠡ ᠶᠢ ᠡᠭᠦᠳᠬᠦ ᠳᠠᠯᠳᠠ ᠴᠢᠳᠠᠪᠤᠷᠢ ᠪᠠᠷ ᠬᠠᠮᠤᠭ ᠠᠴᠠ ᠳᠠᠪᠠᠭᠤᠯᠢᠭ ᠪᠠᠶᠢᠳᠠᠭ᠃ ᠨᠡᠩ ᠤᠯᠠᠨ ᠰᠢᠯᠢᠳᠡᠭ ᠵᠠᠯᠠᠭᠤᠴᠤᠳ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠢ ᠭᠦᠢᠴᠡᠳᠬᠡᠬᠦ ᠶᠠᠪᠤᠴᠠ ᠳᠤ ᠴᠢᠬᠤᠯᠠ ᠡᠭᠦᠷᠭᠡ ᠡᠭᠦᠷᠭᠡᠯᠡᠬᠦ ᠶᠢ ᠳᠡᠮᠵᠢᠵᠦ᠂ ᠲᠡᠳᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠵᠢᠷ ᠠᠯᠳᠠᠨ ᠱᠠᠲᠤ ᠦᠶ᠎ᠡ ᠳᠤ ᠪᠠᠨ ᠢᠯᠡᠭᠦᠬᠡᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠪᠣᠯᠤᠨ ᠳᠡᠭᠡᠳᠦ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠵᠠᠯᠠᠭᠤ ᠡᠷᠳᠡᠮᠲᠡᠳ ᠢ ᠬᠥᠬᠢᠭᠦᠯᠦᠨ ᠳᠡᠮᠵᠢᠵᠦ᠂ ᠳᠤᠷᠠᠲᠠᠶ᠎ᠠ ᠪᠤᠰᠤᠳ ᠲᠤ ᠲᠥᠰᠢᠭ ᠲᠤᠯᠭᠠᠭᠤᠷᠢᠯᠠᠯ ᠪᠤᠯᠵᠤ᠂ ᠵᠠᠯᠠᠭᠤᠴᠤᠳ ᠤᠨ ᠴᠢᠳᠠᠪᠤᠷᠢᠲᠠᠨ ᠪᠣᠯᠬᠤ ᠳᠤ ᠣᠷᠣᠨ ᠵᠠᠢ ᠶᠢ ᠨᠢ ᠥᠷᠭᠡᠳᠬᠡᠵᠦ ᠥᠭᠬᠦ ᠶᠢ ᠬᠦᠰᠡᠵᠦ ᠪᠠᠶᠢᠨ᠎ᠠ ᠭᠡᠵᠡᠢ᠃ ᠬᠤ᠋ ᠴᠦᠨ ᠬᠤᠸᠠ᠂ ᠸᠠᠩ ᠶᠦᠩ᠂ ᠰᠢᠶᠤᠤ ᠵᠢᠶᠧ᠂ ᠡᡁᠧ ᠯᠢ ᠹᠧᠩ ᠶᠠᠷᠢᠯᠴᠠᠬᠤ ᠬᠤᠷᠠᠯ ᠳᠤ ᠣᠷᠣᠯᠴᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号