ᠲᠦᠷᠦᠬᠦᠦ ᠤᠯᠠᠷᠢᠯ ᠳᠤ ᠬᠥᠨᠳᠡᠯᠡᠨ ᠲᠣᠭᠤᠷᠢᠭ ᠤᠨ GDP ᠶᠢᠨ ᠠᠷᠪᠠᠨ ᠶᠡᠭᠡ ᠠᠵᠢᠯ ᠲᠥᠷᠥᠯ ᠤᠨ ︽  ᠶᠢᠰᠦ ᠨᠢ ᠨᠡᠮᠡᠭᠳᠡᠵᠤ ᠨᠢᠭᠡ ᠨᠢ ᠬᠠᠰᠤᠬᠳᠠᠪᠠ︾
ᠨᠡᠶᠢᠲᠡᠯᠡᠭᠰᠡᠨ ᠴᠠᠭ᠄
2021/5/17
    ᠲᠦᠷᠦᠬᠦᠦ ᠤᠯᠠᠷᠢᠯ ᠳᠤ GDP ᠶᠢᠨ ᠲᠣᠭᠠᠴᠠᠭ᠎ᠠ ᠬᠢᠭᠰᠡᠨ ᠠᠷᠪᠠᠨ ᠶᠡᠭᠡ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ ᠨᠢ ︽ᠶᠢᠰᠦ ᠨᠢ ᠨᠡᠮᠡᠭᠳᠡᠵᠤ ᠨᠢᠭᠡ ᠨᠢ ᠬᠠᠰᠤᠬᠳᠠᠬᠰᠠᠨ︾ ᠪᠠᠶᠢᠳᠠᠯ ᠢᠯᠡᠷᠡᠪᠡ᠄     ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.2% ᠪᠠᠷ ᠨᠡᠮᠡᠭᠳᠡᠵᠦ︔ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠵᠦ︔  ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 32.1% ᠪᠠᠷ ᠨᠡᠮᠡᠭᠳᠡᠵᠦ︔ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 21.2% ᠪᠠᠷ ᠨᠡᠮᠡᠭᠳᠡᠵᠦ︔  ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 59.8% ᠪᠠᠷ ᠨᠡᠮᠡᠭᠳᠡᠵᠦ︔ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 28.8% ᠪᠠᠷ ᠨᠡᠮᠡᠭᠳᠡᠪᠡ︔ ᠬᠡᠷ ᠭᠠᠵᠠᠷ ᠤᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.2% ᠪᠠᠷ ᠨᠡᠮᠡᠭᠳᠡᠪᠡ︔ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠬᠡᠨ ᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ19.1% ᠪᠠᠷ ᠨᠡᠮᠡᠭᠳᠡᠪᠡ︔ ᠠᠰᠢᠭ ᠤᠯᠵᠠᠪᠤᠷᠢ ᠶᠢᠨ ᠪᠤᠰᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ︔ ᠮᠥᠩᠭᠦᠨ ᠬᠦᠢᠯᠬᠡᠬᠡᠨ ᠤ ᠦᠢᠯᠡᠰ ᠤᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.6 % ᠪᠠᠷ ᠪᠠᠭᠤᠷᠠᠪᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号