ᠡᠨᠡ ᠵᠢᠯ ᠠᠴᠠ ᠨᠠᠭᠠᠰᠢ᠂ ᠪᠦᠬᠦ ᠲᠤᠭᠤᠷᠢᠭ ᠤᠨ ᠬᠢᠨ ᠨᠠᠮ ᠤᠨ ᠲᠥᠪ ᠬᠤᠷᠢᠶ᠎ᠡ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠠᠬᠢᠯᠳᠠ ᠲᠠᠢ ᠪᠠᠶᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠦᠯᠦᠪᠵᠢᠬᠦᠯᠦᠭᠰᠡᠨ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠵᠦ᠂ ᠪᠦᠬᠦ ᠲᠤᠭᠤᠷᠢᠭ ᠤᠨ | ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠪᠠᠬᠢᠵᠢᠵᠦ᠂ ᠲᠣᠭᠲᠠᠭᠤᠨ ᠤ ᠳᠤᠮᠳᠠ ᠰᠠᠶᠢᠵᠢᠷᠠᠯᠳᠠ ᠲᠠᠢ | ᠪᠤᠯᠪᠠ᠃ | 1— 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ ᠲᠡᠭᠡᠷ᠎ᠡ ᠰᠠᠷ᠎ᠠ ᠶᠢᠨ ᠬᠢ ᠠᠴᠠ | ᠵᠠᠭᠤᠨ ᠤ ᠬᠠᠷᠢᠴᠠᠯ ᠢᠶᠠᠷ 0.7 ᠬᠤᠪᠢ ᠨᠡᠮᠡᠭᠳᠡᠵᠤ᠂ 2019 ᠣᠨ ᠤ ᠬᠢ ᠠᠴᠠ 39.2% ᠪᠠᠷ ᠨᠡᠮᠡᠭᠳᠡᠵᠦ᠂ | ᠬᠤᠶᠠᠷ ᠵᠢᠯ ᠳᠤ ᠳᠤᠮᠳᠠᠴᠢ ᠪᠠᠷ 18.0% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠵᠦ᠂ ᠲᠡᠭᠡᠷ᠎ᠡ ᠰᠠᠷ᠎ᠠ ᠶᠢᠨ ᠬᠢ ᠠᠴᠠ | ᠵᠠᠭᠤᠨ ᠤ ᠬᠠᠷᠢᠴᠠᠯ ᠢᠶᠠᠷ 7.3 ᠬᠤᠪᠢ ᠨᠡᠮᠡᠭᠳᠡᠵᠤ᠂ 2019 ᠣᠨ ᠤ ᠬᠢ ᠠᠴᠠ 34.3% ᠪᠠᠷ ᠨᠡᠮᠡᠭᠳᠡᠵᠦ᠂ | ᠬᠤᠶᠠᠷ ᠵᠢᠯ ᠳᠤ ᠳᠤᠮᠳᠠᠴᠢ ᠪᠠᠷ 15.9% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 100.12 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 20.6% ᠪᠠᠷ ᠨᠡᠮᠡᠭᠳᠡᠵᠦ᠂ 2019 ᠣᠨ ᠤ ᠬᠢ ᠠᠴᠠ 2.6% ᠪᠠᠷ | ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 1.3% ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠪᠦᠬᠦ | ᠬᠤᠳᠠ ᠶᠢᠨ 32.7 % ᠶᠢ ᠡᠵᠡᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠬᠢ ᠠᠴᠠ ᠵᠠᠭᠤᠨ ᠤ | ᠬᠠᠷᠢᠴᠠᠯ ᠢᠶᠠᠷ 0.9 ᠬᠤᠪᠢ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠴᠥᠮ ᠪᠦᠬᠦ | ᠬᠤᠳᠠ ᠶᠢᠨ ᠲᠡᠷᠢᠭᠦᠨ ᠳᠤ ᠣᠷᠣᠪᠠ︔ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ ᠨᠡᠶᠢᠲᠡ 9.48 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 45.3 % ᠪᠠᠷ | ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠲᠡᠷᠢᠭᠦᠨ ᠳᠤ ᠣᠷᠣᠪᠠ᠃ |