9 ᠤ ᠡᠳᠦᠷ᠂ ᠦᠪᠦᠷ ᠮᠤᠩᠭᠤᠯ ᠤᠨ ᠤᠯᠠᠨ ᠭᠠᠵᠠᠷ ᠲᠤ ᠪᠤᠷᠤᠭᠠᠨ ᠤᠷᠤᠵᠦ᠂ ᠡᠭᠦᠨ ᠳᠤ ᠬᠦᠯᠦᠨ | ᠪᠣᠶᠢᠷ ᠲᠤ ᠶᠡᠭᠡ ᠪᠤᠷᠤᠭᠠᠨ ᠤᠷᠤᠭᠰᠠᠨ ᠪᠠᠶᠢᠨ᠎ᠠ᠃ | 10 ᠤ ᠡᠳᠦᠷ ᠠᠴᠠ ᠡᠬᠢᠯᠡᠨ᠂ ᠪᠤᠷᠤᠭᠠᠨ ᠠᠭᠠᠵᠢᠮ ᠢᠶᠠᠷ ᠲᠠᠲᠠᠷᠠᠵᠤ᠂ ᠶᠡᠬᠡᠩᠬᠢ ᠭᠠᠵᠠᠷ ᠤᠷᠤᠨ ᠤ | ᠲᠤᠯᠠᠭᠠᠨ ᠤ ᠬᠡᠮᠵᠢᠶ᠎ᠡ ᠠᠭᠠᠵᠢᠮ ᠢᠶᠠᠷ ᠳᠡᠭᠡᠭᠰᠢᠯᠡᠨ᠂ ᠪᠠᠶᠠᠨᠨᠠᠭᠤᠷ᠂ ᠦᠬᠠᠢ᠂ ᠡᠷᠢᠶᠡᠨ ᠬᠤᠳᠠ ᠶᠢᠨ ᠲᠤᠯᠠᠭᠠᠨ ᠤ | ᠬᠡᠮᠵᠢᠶ᠎ᠡ 30 ᠭᠷᠠᠳᠦ᠋ᠰ ᠢ ᠲᠠᠪᠠᠵᠦ᠂ ᠠᠯᠠᠱᠠ ᠶᠢᠨ ᠬᠡᠰᠡᠭ ᠭᠠᠵᠠᠷ ᠲᠤ 34 ᠭᠷᠠᠳᠦ᠋ᠰ ᠲᠤ ᠬᠦᠷᠬᠦ ᠪᠤᠯᠤᠨ᠎ᠠ᠃ | ᠠᠯᠠᠱᠠ ᠶᠢᠨ ᠵᠡᠬᠦᠨ ᠡᠮᠦᠨ᠎ᠡ ᠪᠡᠶ᠎ᠡ᠂ ᠤᠷᠳᠣᠰ ᠤᠨ ᠡᠮᠦᠨ᠎ᠡ ᠪᠡᠶ᠎ᠡ᠂ ᠲᠦᠩᠯᠢᠶᠤᠤ ᠶᠢᠨ ᠵᠡᠬᠦᠨ ᠪᠡᠶ᠎ᠡ᠂ ᠬᠦᠯᠦᠨ | ᠪᠤᠶᠢᠷ ᠤᠨ ᠬᠤᠶᠢᠳᠣ ᠪᠡᠶ᠎ᠡ ᠶᠢᠨ ᠬᠡᠰᠡᠭ ᠭᠠᠵᠠᠷ ᠤᠷᠤᠨ ᠳᠤ ᠪᠠᠭ᠎ᠠ ᠪᠤᠷᠤᠭᠠᠨ ᠪᠤᠶᠤ ᠵᠦᠷᠪᠤᠰᠬᠢᠨ ᠪᠤᠷᠤᠭᠠᠨ | ᠤᠷᠤᠵᠦ᠂ ᠬᠠᠶᠠ ᠳᠠᠭᠠᠨ ᠰᠠᠯᠬᠢᠯᠠᠵᠤ᠂ ᠮᠦᠨᠳᠦᠷ ᠤᠷᠤᠬᠤ ᠪᠤᠯᠤᠮᠵᠢ ᠲᠠᠢ᠃ | 11 ᠤ ᠡᠳᠦᠷ᠂ ᠤᠷᠳᠣᠰ ᠤᠨ ᠡᠮᠦᠨ᠎ᠡ ᠪᠡᠶ᠎ᠡ ᠳᠤ ᠪᠠᠭ᠎ᠠ ᠪᠤᠷᠤᠭᠠᠨ ᠪᠤᠶᠤ ᠵᠦᠷᠪᠤᠰᠬᠢᠨ ᠪᠤᠷᠤᠭᠠᠨ | ᠤᠷᠤᠵᠦ᠂ ᠤᠷᠳᠣᠰ ᠤᠨ ᠵᠡᠬᠦᠨ ᠡᠮᠦᠨ᠎ᠡ ᠪᠡᠶ᠎ᠡ ᠶᠢᠨ ᠬᠡᠰᠡᠭ ᠭᠠᠵᠠᠷ ᠲᠤ ᠲᠤᠮᠳᠠ ᠵᠡᠷᠭᠡ ᠶᠢᠨ ᠪᠤᠷᠤᠭᠠᠨ ᠤᠷᠤᠵᠦ᠂ | ᠰᠠᠯᠬᠢᠯᠠᠬᠤ᠂ ᠮᠦᠨᠳᠦᠷ ᠪᠠᠭᠤᠬᠤ ᠵᠡᠷᠭᠡ ᠰᠣᠯᠢᠭ ᠤᠷᠤᠰᠬᠠᠯᠳᠣ ᠠᠭᠤᠷ ᠠᠮᠢᠰᠬᠤᠯ ᠢᠯᠡᠷᠡᠵᠦ ᠮᠡᠳᠡᠨ᠎ᠡ᠃ | | 12 ᠤ ᠡᠳᠦᠷ᠂ ᠠᠯᠠᠱᠠ ᠶᠢᠨ ᠵᠡᠬᠦᠨ ᠪᠡᠶ᠎ᠡ᠂ ᠦᠬᠠᠢ᠂ ᠪᠠᠶᠠᠨᠨᠠᠭᠤᠷ ᠤᠨ ᠡᠮᠦᠨ᠎ᠡ ᠪᠡᠶ᠎ᠡ᠂ ᠤᠷᠳᠣᠰ ᠤᠨ | ᠶᠡᠬᠡᠩᠬᠢ ᠭᠠᠵᠠᠷ ᠤᠷᠤᠨ ᠳᠤ ᠪᠠᠭ᠎ᠠ ᠪᠤᠷᠤᠭᠠᠨ ᠪᠤᠶᠤ ᠵᠦᠷᠪᠤᠰᠬᠢᠨ ᠪᠤᠷᠤᠭᠠᠨ ᠣᠷᠣᠵᠤ᠂ ᠠᠯᠠᠱᠠ ᠶᠢᠨ ᠪᠠᠷᠠᠭᠤᠨ | ᠬᠤᠶᠢᠳᠣ ᠪᠡᠶ᠎ᠡ᠂ ᠤᠯᠠᠭᠠᠨᠬᠠᠳᠠ ᠶᠢᠨ ᠵᠡᠬᠦᠨ ᠪᠡᠶ᠎ᠡ᠂ ᠲᠦᠩᠯᠢᠶᠤᠤ ᠶᠢᠨ ᠲᠤᠮᠳᠠ ᠪᠡᠶ᠎ᠡ ᠶᠢᠨ ᠭᠠᠵᠠᠷ ᠣᠷᠣᠨ ᠤ | ᠳᠤᠯᠠᠭᠠᠨ ᠤ ᠬᠡᠮᠵᠢᠶ᠎ᠡ 35 ᠭᠷᠠᠳᠦ᠋ᠰ ᠠᠴᠠ ᠳᠡᠭᠡᠭᠰᠢ ᠳᠤ ᠬᠦᠷᠬᠦ ᠪᠤᠯᠬᠤᠷ᠂ ᠨᠠᠷᠠᠰᠢᠬᠤ ᠠᠴᠠ ᠰᠡᠷᠬᠡᠶᠢᠯᠡᠨ᠂ | ᠢᠳᠡᠭᠡᠨ ᠤᠮᠳᠠᠭᠠᠨ ᠢᠶᠠᠨ ᠰᠠᠶᠢᠳᠣᠷ ᠵᠤᠬᠢᠴᠠᠭᠤᠯᠬᠤ ᠬᠡᠷᠡᠭᠳᠠᠢ᠃ |