ᠮᠠᠨ ᠤ ᠲᠤᠭᠤᠷᠢᠭ ᠤᠨ ᠯᠤᠤ ᠶᠢᠨ ᠰᠠᠬᠠᠯ ᠳᠠᠷᠢᠬᠤ ᠵᠢᠱᠢᠶ᠎ᠡ ᠦᠵᠡᠭᠦᠯᠬᠦ ᠰᠠᠭᠤᠷᠢᠨ ᠨᠢᠭᠡᠨᠲᠡ ᠴᠢᠬᠢ ᠰᠠᠭᠤᠯᠭᠠᠬᠤ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2021/6/2
     ᠯᠤᠤ ᠶᠢᠨ ᠰᠠᠬᠠᠯ ᠤᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠤ ᠲᠠᠯᠠᠪᠠᠶ ᠨᠢ 20 ᠮᠥ ᠪᠠᠶᠢᠵᠤ᠂ ᠬᠠᠳᠣᠮᠠᠯ ᠭᠤᠤᠯ ᠲᠣᠰᠬᠤᠨ ᠳᠤ ᠪᠠᠶᠢᠷᠢᠯᠠᠵᠤ ᠪᠤᠢ᠂ 5 ᠰᠠᠷ᠎ᠠ ᠶᠢᠨ 20 ᠤ ᠡᠳᠦᠷ᠂ ᠲᠣᠰ ᠵᠢᠱᠢᠶ᠎ᠡ ᠦᠵᠡᠭᠦᠯᠬᠦ ᠰᠠᠭᠤᠷᠢᠨ ᠨᠢ ᠴᠢᠬᠢ ᠰᠠᠭᠤᠯᠭᠠᠬᠤ ᠠᠵᠢᠯ ᠢ ᠡᠬᠢᠯᠡᠭᠦᠯᠦᠭᠰᠡᠨ ᠪᠥᠭᠡᠳ ᠪᠠᠶᠠᠨᠨᠠᠭᠤᠷ ᠠᠶᠢᠮᠠᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠢ ᠲᠤᠬᠠᠶ ᠶᠢᠨ ᠲᠠᠯᠠᠪᠠᠶ ᠳᠤ ᠤᠷᠢᠵᠤ ᠵᠢᠭᠠᠨ ᠵᠢᠯᠤᠭᠤᠳᠤᠭᠤᠯᠵᠠᠢ᠂ ᠲᠣᠰ ᠤᠳᠠᠭ᠎ᠠ ᠶᠢᠨ ᠰᠠᠭᠤᠯᠭᠠᠬᠰᠠᠨ ᠴᠢᠬᠢ ᠨᠢ ᠰᠢᠯᠢᠳᠡᠭ ᠡᠬᠦᠯᠳᠡᠷ ᠤᠨ ᠴᠢᠬᠢ ᠪᠠᠶᠢᠵᠤ᠂ ᠮᠥ ᠪᠦᠷᠢ ᠶᠢᠨ ᠤᠨᠠᠯᠲᠠ ᠨᠢ 1900 ᠺᠢᠯᠣᠭ᠍ᠷᠠᠮ ᠳᠤ ᠬᠦᠷᠬᠦ ᠪᠤᠯᠤᠨ᠎ᠠ᠃ ᠲᠣᠰ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠦᠭᠰᠡᠨ ᠨᠢ ᠮᠠᠨ ᠤ ᠲᠤᠭᠤᠷᠢᠭ ᠤᠨ ᠣᠳᠣᠬᠠᠨ ᠤ ᠲᠠᠩ ᠴᠤᠯᠭᠤᠢ ᠲᠠᠷᠢᠮᠠᠯ ᠤᠨ ᠪᠦᠲᠦᠴᠡ ᠶᠢ ᠬᠤᠪᠢᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯᠤᠨ᠎ᠠ᠃    ︵ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶        
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号