ᠨᠥᠬᠦᠷᠯᠡᠯ ᠵᠡᠭᠡᠯᠢ ᠭᠤᠳᠤᠮᠵᠢ ︽  ᠪᠦᠳᠦᠬᠡᠨ ᠪᠠᠶᠢᠭᠤᠯᠬᠤ᠂ ᠵᠠᠰᠠᠬᠤ᠂ ᠬᠥᠮᠦᠵᠢᠭᠦᠯᠬᠦ ᠂ ᠪᠤᠢ ᠪᠤᠯᠭᠠᠬᠤ︾ ᠳᠥᠷᠪᠡᠨ ᠭᠤᠬᠴᠤᠭ᠎ᠠ ᠶᠢᠨ ᠪᠠᠶᠢᠩᠭᠤ ᠶᠢᠨ ᠪᠣᠯᠪᠠᠰᠤᠨ ᠢ ᠡᠭᠦᠳᠦᠨ ᠪᠠᠶᠢᠭᠤᠯᠬᠤ ᠲᠣᠭᠲᠠᠴᠠ ᠶᠢ  ᠪᠠᠶᠢᠭᠤᠯᠵᠤ ᠪᠤᠢ
ᠨᠡᠶᠢᠲᠡᠯᠡᠭᠰᠡᠨ ᠴᠠᠭ᠄
2021/6/2
     ᠨᠢᠭᠡ ᠳᠤ᠂ ᠬᠠᠲᠠᠭᠤ ᠲᠣᠨᠤᠭ ᠤᠨ ᠪᠦᠳᠦᠬᠡᠨ ᠪᠠᠶᠢᠭᠤᠯᠤᠯᠲᠠ ᠶᠢᠨ ᠳᠤᠲᠠᠭᠤᠳᠠᠯ ᠢ ᠨᠦᠬᠦᠪᠦᠷᠢᠯᠡᠨ᠎ᠡ᠃ ᠲᠣᠭᠲᠠᠭᠠᠯ ᠠᠴᠠ ᠵᠦᠷᠢᠴᠡᠵᠤ ᠪᠦᠳᠦᠬᠡᠨ ᠪᠠᠶᠢᠭᠤᠯᠤᠬᠰᠠᠨ ᠪᠠᠷᠢᠯᠭ᠎ᠠ ᠪᠠ ᠲᠦᠷ ᠴᠠᠭ ᠤᠨ ᠪᠠᠷᠢᠯᠭ᠎ᠠ ᠢ  ᠨᠤᠷᠠᠭᠠᠨ ᠨᠡᠬᠦᠯᠬᠡᠬᠦ ᠠᠵᠢᠯᠯᠠᠭ᠎ᠠ ᠲᠠᠢ ᠤᠶᠠᠯᠳᠤᠭᠤᠯᠬᠤ᠂ ︽ᠭᠤᠷᠪᠠᠨ ᠬᠠᠩᠭᠠᠯᠭ᠎ᠠ ᠨᠢᠭᠡ ᠬᠠᠮᠢᠶᠠᠷᠤᠯᠳᠠ︾  ᠶᠢ  ᠦᠬᠡᠷᠡᠴᠢᠯᠡᠨ ᠰᠠᠶᠢᠵᠢᠷᠠᠭᠤᠯᠬᠤ᠂ ᠲᠥᠷᠥᠯ ᠬᠤᠪᠢᠶᠠᠭᠰᠠᠨ ᠬᠤᠭ ᠨᠣᠪᠰᠢ ᠶᠢᠨ ᠬᠠᠶᠢᠷᠴᠠᠭ ᠢ ᠳᠣᠭᠢᠷᠠᠭᠤᠯᠬᠤ᠂ ᠲᠡᠷᠭᠡᠨ ᠵᠣᠭᠰᠣᠭᠠᠯ ᠢ ᠬᠡᠷᠡᠭᠵᠢᠬᠦᠯᠦᠨ ᠲᠦᠯᠦᠪᠵᠢᠬᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠳᠤ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠬᠠᠩᠭᠠᠨ᠎ᠠ᠃ ᠬᠤᠶᠠᠷ ᠲᠤ᠂ ᠬᠠᠮᠵᠢᠯᠴᠠᠨ ᠵᠠᠰᠠᠬᠤ ᠳᠤᠲᠠᠭᠤᠳᠠᠯ ᠢ   ᠨᠦᠬᠦᠪᠦᠷᠢᠯᠡᠨ᠎ᠡ᠃ ︽ᠪᠠᠶᠢᠯᠳᠤᠭᠠᠨ ᠤ ᠲᠣᠭᠤᠷᠢᠭ ᠪᠠᠶᠢᠯᠳᠤᠬᠤ ᠶᠢ ᠭᠤᠣᠯᠯᠠᠨ ᠬᠠᠷᠢᠭᠤᠴᠠᠵᠤ᠂ ᠡᠯ᠎ᠡ ᠲᠦᠷᠦᠯ ᠤᠨ ᠴᠡᠷᠢᠭ ᠤᠨ ᠪᠦᠳᠦᠬᠡᠨ  ᠪᠠᠶᠢᠭᠤᠯᠤᠯᠳᠠ ᠪᠠᠷ ᠬᠠᠮᠵᠢᠯᠴᠠᠬᠤ︾ ᠪᠠᠶᠢᠯᠳᠤᠬᠤ ᠵᠠᠷᠴᠢᠮ ᠪᠣᠯᠤᠨ ︽ᠵᠡᠭᠡᠯᠢ  ᠪᠠᠯᠭᠠᠰᠤ  ᠲᠦᠷᠦᠬᠦᠯᠡᠨ ᠬᠢᠵᠤ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠠᠵᠢᠯ ᠤᠨ ᠪᠠᠶᠢᠷᠢᠰᠢᠯ ᠶᠣᠰᠣᠭᠠᠷ᠂ ᠬᠠᠤᠯᠢ ᠴᠠᠭᠠᠵᠠ  ᠶᠢᠨ ᠮᠡᠳᠡᠯᠬᠡ ᠶᠢ ᠲᠦᠭᠡᠮᠡᠯᠵᠢᠭᠦᠯᠬᠦ᠂ ᠬᠠᠤᠯᠢ ᠬᠡᠷᠡᠭᠵᠢᠭᠦᠯᠬᠦ᠂ ᠬᠠᠤᠯᠢ ᠶᠢ ᠰᠠᠬᠢᠬᠤ ᠨᠡᠶᠢᠯᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ ᠭᠤᠷᠪᠠ ᠳᠤ᠂ ᠤᠬᠠᠭᠤᠯᠭ᠎ᠠ ᠶᠢᠨ ᠬᠦᠷᠦᠯᠴᠡᠬᠦ ᠥᠬᠡᠶ ᠲᠠᠯ᠎ᠠ ᠶᠢ   ᠨᠦᠬᠦᠪᠦᠷᠢᠯᠡᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠲᠦᠷᠢᠮ ᠤᠨ ᠲᠦᠭᠡᠮᠡᠯᠵᠢᠭᠦᠯᠦᠯᠲᠡ᠂ ᠪᠣᠯᠪᠠᠰᠤᠨ ᠶᠤᠰᠤ ᠮᠤᠷᠠᠯ ᠤᠨ ᠬᠥᠮᠦᠵᠢᠯ᠂ ᠣᠲᠣ ᠦᠶ᠎ᠡ ᠶᠢᠨ ᠠᠮᠢᠳᠤᠷᠠᠯ ᠤᠨ ᠰᠢᠨ᠎ᠡ ᠤᠷ᠎ᠠ ᠴᠢᠳᠠᠪᠤᠷᠢ ᠶᠢᠨ ᠵᠢᠯᠣᠭᠤᠳᠣᠯᠭ᠎ᠠ ᠵᠡᠷᠭᠡ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠭᠡ ᠶᠠᠷᠢᠶ᠎ᠠ  ᠦᠢᠯᠡ ᠠᠵᠢᠯᠯᠠᠭ᠎ᠠ ᠪᠠᠨ ᠵᠢᠷᠤᠮᠵᠢᠭᠤᠯᠬᠤ᠂ ᠬᠠᠤᠯᠢ ᠶᠢ ᠮᠡᠳᠡᠵᠦ ᠶᠣᠰᠣ ᠶᠢ ᠡᠷᠬᠢᠮᠯᠡᠬᠦ ᠶᠢ ᠬᠥᠲᠥᠯᠦᠨ ᠵᠢᠯᠣᠭᠤᠳᠤᠨ᠎ᠠ᠃ ᠳᠥᠷᠪᠡ ᠳᠤ᠂ ᠳᠠᠳᠬᠠᠯ ᠢ ᠪᠤᠢ ᠪᠤᠯᠭᠠᠬᠤ ᠲᠤᠳᠠᠭᠤᠳᠠᠯ ᠢ  ᠨᠦᠬᠦᠪᠦᠷᠢᠯᠡᠨ᠎ᠡ᠃ ᠪᠣᠯᠪᠠᠰᠤᠨ ᠤ  ᠦᠢᠯᠡᠳᠦᠯᠬᠡ ᠪᠠᠷ ᠠᠭᠤᠳᠠᠮ ᠲᠠᠯᠠᠪᠠᠶ ᠶᠢ ᠬᠥᠲᠥᠯᠥᠨ ᠵᠢᠯᠣᠭᠤᠳᠬᠤ᠂ ᠪᠣᠯᠪᠠᠰᠤᠨ ᠤ ᠦᠢᠯᠡᠳᠦᠯᠬᠡ ᠪᠠᠷ ᠰᠤᠷᠭᠠᠭᠤᠯᠢ ᠶᠢ ᠬᠥᠲᠥᠯᠥᠨ ᠵᠢᠯᠣᠭᠤᠳᠬᠤ᠂ ᠪᠣᠯᠪᠠᠰᠤᠨ ᠤ ᠦᠢᠯᠡᠳᠦᠯᠬᠡ ᠪᠠᠷ ᠲᠤᠤᠷ ᠴᠢᠬ ᠢ ᠬᠥᠲᠥᠯᠥᠨ ᠵᠢᠯᠣᠭᠤᠳᠬᠤ ᠵᠡᠷᠭᠡ ᠲᠠᠪᠴᠠᠩ ᠢ ᠬᠦᠢᠴᠡᠳ ᠠᠰᠢᠭᠯᠠᠵᠤ᠂ ᠰᠣᠶᠣᠯ ᠢᠶᠠᠷ ᠬᠥᠮᠦᠨ ᠢ ᠤᠬᠠᠭᠠᠷᠠᠭᠤᠯᠵᠤ᠂ ᠬᠡᠪ ᠵᠠᠩᠰᠢᠯ ᠢ ᠪᠤᠢ ᠪᠣᠯᠭᠠᠵᠤ᠂ ᠪᠣᠯᠪᠠᠰᠤᠨ ᠢᠶᠠᠷ ᠬᠥᠮᠦᠨ ᠲᠠᠢ ᠬᠠᠷᠢᠯᠴᠠᠬᠤ ᠰᠢᠨ᠎ᠡ ᠵᠠᠩ ᠳᠠᠳᠬᠠᠯ ᠢ ᠪᠦᠷᠢᠯᠳᠦᠭᠦᠯᠦᠨ᠎ᠡ᠃     ︵ ᠨᠦᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号