﹇ᠰᠢ ᠶᠢᠨ ᠫᠢᠩ ᠤᠨ ᠬᠠᠦᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠤᠶ᠎ᠠ﹈ ᠬᠥᠨᠳᠡᠯᠡᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠨᠢ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ  ᠪᠠᠳᠤᠯᠠᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2021/6/2
     ︽ᠵᠠᠷᠢᠮ ᠳᠠᠭᠠᠨ ᠲᠣᠰᠬᠤᠨ ᠳᠤ ᠲᠣᠮᠢᠯᠠᠨ ᠰᠠᠭᠤᠯᠭᠠᠭᠰᠠᠨ ᠵᠢᠵᠢᠭᠦᠷ ᠬᠠᠤᠯᠢᠴᠢ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ ᠳᠤ ᠨᠢᠭᠡ ᠡᠳᠦᠷ ᠰᠠᠭᠤᠭᠰᠠᠨ ᠴᠤ ᠲᠡᠬᠦᠨ ᠢ ᠡᠷᠢᠬᠦ ᠪᠠᠷ ᠢᠷᠡᠬᠦ ᠬᠥᠮᠦᠨ ᠨᠢᠭᠡ ᠴᠦ ᠬᠠᠷᠠᠭᠳᠠᠬᠤ ᠦᠭᠡᠢ︔ ᠭᠡᠲᠡᠯ᠎ᠡ ᠵᠠᠷᠢᠮ ᠦᠶ᠎ᠡ ᠳᠤ ᠭᠠᠴᠠᠭᠠᠨ ᠤ ᠠᠷᠠᠳ ᠬᠠᠤᠯᠢ ᠳᠤ ᠬᠤᠯᠪᠣᠭᠳᠠᠭᠰᠠᠨ ᠠᠰᠠᠭᠤᠳᠠᠯ ᠳᠤ ᠲᠤᠯᠭᠠᠷᠠᠪᠠᠯ ᠬᠠᠷᠢᠨ ᠬᠠᠤᠯᠢᠴᠢ ᠪᠠᠶᠢᠬᠤ ᠦᠭᠡᠢ ᠲᠠᠭᠠᠷᠠᠨ᠎ᠠ︾ ᠭᠡᠵᠦ ᠪᠤᠷᠬᠠᠨᠲᠤ ᠶᠢᠨ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠾᠧ ᠴᠧᠩ ᠧᠨ ᠬᠡᠯᠡᠨ᠎ᠡ᠃ ᠬᠠᠤᠯᠢ ᠴᠠᠭᠠᠵᠠ ᠶᠢᠨ ᠦᠢᠯᠡᠴᠢᠯᠡᠭᠡ ᠬᠢᠭᠡᠳ ᠣᠯᠠᠨ ᠲᠦᠮᠡᠨ ᠤ ᠬᠤᠭᠤᠷᠣᠨᠳᠣᠬᠢ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢᠴᠢ᠂ ᠠᠯᠪᠠᠨ ᠭᠡᠷᠡᠴᠢᠯᠡᠭᠡ᠂ ᠠᠷᠠᠳ ᠤᠨ ᠡᠶᠡᠳᠡᠭᠦᠯᠭᠡ ᠵᠡᠷᠭᠡ ᠦᠢᠯᠡᠴᠢᠯᠡᠬᠡᠨ ᠤ ᠡᠬᠢ ᠪᠠᠶᠠᠯᠢᠭ ᠢ ᠨᠡᠶᠢᠳᠬᠡᠵᠤ᠂ ᠪᠥᠬᠦ ᠲᠤᠬᠠᠶᠢᠯᠠᠭᠰᠠᠨ ᠠᠵᠢᠯ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ ᠠᠷᠠᠳ ᠣᠯᠠᠨ ᠤ ᠨᠠᠩ ᠥᠨᠳᠥᠷ ᠪᠠᠷᠢᠮᠵᠢᠶ᠎ᠠ ᠪᠦᠬᠦᠢ ᠬᠠᠦᠯᠢᠵᠢᠯ ᠤᠨ ᠬᠡᠷᠡᠭᠴᠡᠭᠡ ᠶᠢ ᠬᠠᠩᠭᠠᠪᠠ᠃      ︽ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠣᠯ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠭᠦᠷᠭᠡ ᠲᠤᠰᠢᠶᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠠᠤᠯᠢ ᠴᠠᠭᠠᠵᠠ ᠶᠢᠨ ᠪᠠᠲᠤᠯᠠᠭ᠎ᠠ ᠨᠢ ᠲᠦᠭᠡᠮᠡᠯ ᠬᠠᠷᠠᠭᠠᠯᠵᠠᠯ ᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠪᠠᠶᠢᠬᠤ ᠬᠡᠷᠡᠭᠳᠡᠢ︾ ᠭᠡᠵᠦ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠬᠡᠨ ᠤ ᠲᠥᠪ ᠤᠨ ᠠᠵᠢᠯᠲᠠᠨ ᠸᠠᠩ ᠴᠢ ᠬᠡᠯᠡᠨ᠎ᠡ᠃     ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠢᠯᠡᠳᠦᠯᠬᠡ ᠪᠠᠷ ᠳᠡᠮᠵᠢᠨ ︽ᠬᠠᠤᠯᠢ ᠴᠠᠭᠠᠵᠠ ᠶᠢᠨ ᠤᠷᠢᠳᠴᠢᠯᠡᠨ ᠪᠤᠯᠵᠤᠬᠤ + ᠣᠷᠣᠵᠤ ᠰᠠᠭᠤᠬᠤ ᠬᠡᠯᠪᠡᠷᠢ︾ ᠶᠢᠨ ᠦᠢᠯᠡᠴᠢᠯᠡᠬᠡᠨ ᠤ ᠰᠢᠨ᠎ᠡ ᠵᠠᠮ ᠢ ᠰᠦᠪᠡᠭᠴᠢᠯᠡᠵᠦ ᠭᠠᠷᠭᠠᠪᠠ᠂ ᠲᠤᠬᠠᠶᠢᠯᠠᠪᠠᠯ ᠬᠠᠤᠯᠢ ᠴᠠᠭᠠᠵᠠ ᠶᠢᠨ ᠦᠢᠯᠡᠴᠢᠯᠡᠬᠡᠨ ᠤ ᠬᠡᠷᠡᠭᠴᠡᠭᠡ ᠲᠠᠢ ᠲᠣᠰᠬᠤᠨ ᠤ ᠠᠷᠠᠳ ᠢ ᠬᠠᠤᠯᠢ ᠴᠠᠭᠠᠵᠠ ᠶᠢᠨ ᠭᠠᠵᠠᠷ ᠲᠤ ︽ᠳ᠋ᠤᠭᠠᠷᠯᠠᠨ ᠪᠣᠯᠵᠣᠵᠤ︾᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠪᠠᠷ ᠪᠣᠭᠤᠮᠲᠠ ᠰᠠᠬᠢᠭᠤᠯᠵᠤ᠂ ᠲᠤᠰᠬᠠᠶ ᠬᠠᠤᠯᠢᠴᠢ ᠲᠠᠢ ᠵᠣᠯᠭᠠᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠥᠷᠲᠡᠭᠡ ᠳᠤ ᠵᠥᠪᠯᠡᠯᠭᠡ ᠬᠠᠩᠭᠠᠬᠤ ᠪᠠ ᠬᠠᠤᠯᠢᠴᠢ   ᠠᠴᠠ ︽ᠬᠠᠤᠯᠢ ᠴᠠᠭᠠᠵᠠ ᠶᠢ ᠬᠡᠷ ᠲᠤᠨᠢ ᠬᠦᠷᠭᠡᠬᠦ︾ ᠬᠤᠶᠠᠷ ᠵᠦᠢᠯ ᠤᠨ ᠦᠢᠯᠡᠴᠢᠯᠡᠬᠡᠨ ᠤ ᠲᠥᠰᠦᠯ ᠢ ᠬᠠᠩᠭᠠᠵᠤ᠂ ᠣᠯᠠᠨ ᠲᠦᠮᠡᠨ ᠤ ᠳᠡᠷᠭᠡᠳᠡᠬᠢ ᠬᠠᠤᠯᠢ ᠴᠠᠭᠠᠵᠠ ᠶᠢᠨ ᠠᠰᠠᠭᠤᠳᠠᠯ ᠢ ᠦᠨᠡᠨ ᠬᠦ  ᠰᠢᠢᠳᠪᠦᠷᠢᠯᠡᠵᠤ᠂ ᠣᠯᠠᠨ ᠲᠦᠮᠡᠨ ᠤ ᠬᠠᠤᠯᠢ ᠶᠣᠰᠣᠭᠠᠷ ᠠᠵᠢᠯ ᠶᠠᠪᠤᠳᠠᠯ ᠬᠦᠢᠴᠡᠳᠬᠡᠬᠦ᠂ ᠤᠴᠢᠷ ᠶᠠᠪᠤᠳᠠᠯ ᠲᠤᠯᠭᠠᠷᠠᠪᠠᠯ ᠬᠠᠦᠯᠢᠴᠢ ᠶᠢ ᠡᠷᠢᠬᠦ᠂ ᠬᠠᠤᠯᠢ ᠴᠠᠭᠠᠵᠠ ᠪᠠᠷ ᠠᠰᠠᠭᠤᠳᠠᠯ ᠢ ᠰᠢᠢᠳᠪᠦᠷᠢᠯᠡᠬᠦ ᠳᠤ᠂ ᠵᠥᠷᠢᠴᠡᠯ ᠢ   ᠰᠢᠢᠳᠪᠦᠷᠢᠯᠡᠬᠦ ᠳᠤ ᠬᠠᠤᠯᠢ ᠴᠠᠭᠠᠵᠠ ᠳᠤ ᠲᠦᠰᠢᠭᠯᠡᠬᠦ ᠬᠠᠤᠯᠢᠵᠢᠯ ᠤᠨ ᠣᠶᠢᠯᠠᠭᠠᠭᠳᠠᠬᠤᠨ ᠢ ᠬᠦᠮᠦᠵᠢᠬᠦᠯᠦᠭᠰᠡᠨ ᠪᠠᠶᠢᠨ᠎ᠠ᠃ ᠠᠷᠠᠢ ᠨᠢᠭᠡ ᠵᠢᠯ ᠪᠣᠯᠤᠭᠠᠳᠤᠶ ᠬᠤᠭᠤᠴᠠᠭᠠᠨ ᠳᠤ᠂ ︽ᠬᠠᠤᠯᠢ ᠴᠠᠭᠠᠵᠠ ᠶᠢᠨ ᠤᠷᠢᠳᠴᠢᠯᠠᠨ ᠪᠤᠯᠵᠤᠬᠤ ᠦᠢᠯᠡᠴᠢᠯᠡᠭᠡ︾ ᠪᠠᠷ ᠳᠠᠮᠵᠢᠭᠤᠯᠤᠨ ᠠᠷᠠᠳ ᠤᠯᠠᠨ ᠳᠤ 200 ᠭᠠᠷᠤᠶ ᠤᠳᠠᠭ᠎ᠠ ᠦᠢᠯᠡᠴᠢᠯᠡᠪᠡ᠃      ᠬᠥᠨᠳᠡᠯᠡᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠥᠪ ᠤᠨ ᠠᠵᠢᠯ ᠶᠠᠪᠤᠳᠠᠯ ᠬᠦᠢᠴᠡᠳᠭᠡᠬᠦ ᠲᠢᠩᠬᠢᠮ ᠳᠤ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠠᠮᠲᠤ ᠳᠤᠨᠢ ᠨᠡᠭᠡᠭᠡᠵᠦ᠂ ᠬᠠᠤᠯᠢ ᠴᠠᠭᠠᠵᠠ ᠶᠢᠨ ᠦᠢᠯᠡᠴᠢᠯᠡᠬᠡᠨ ᠤ ︽ᠨᠢᠭᠡ ᠥᠷᠲᠡᠭᠡ ᠮᠠᠶ᠋ᠢᠭ︾ ᠢᠶᠠᠷ ᠬᠦᠢᠴᠡᠳᠬᠡᠬᠦ ᠶᠢ ᠪᠡᠶᠡᠯᠡᠬᠦᠯᠪᠡ᠃ ᠠᠰᠠᠭᠤᠨ ᠯᠠᠪᠯᠠᠬᠤ ᠪᠠᠷ ᠬᠦᠯᠢᠶᠡᠬᠦ ᠴᠠᠭ ᠨᠢ ᠬᠡᠲᠦ ᠣᠷᠳᠣ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠤᠰᠬᠠᠢ ᠬᠦᠯᠢᠶᠡᠬᠦ ᠲᠣᠭᠤᠷᠢᠭ ᠢ ᠪᠠᠶᠢᠭᠤᠯᠵᠤ᠂ ᠣᠯᠠᠨ ᠲᠦᠮᠡᠨ ᠳᠤ ᠠᠮᠠᠷᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ︔ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠮᠠᠰᠢᠨ ᠬᠥᠮᠦᠨ ᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠪᠠ ᠬᠠᠦᠯᠢᠵᠢᠯ ᠤᠨ ᠡᠷᠬᠢᠨ ᠲᠣᠭᠤᠷᠢᠨ ᠤ ᠪᠠᠶᠢᠴᠠᠭᠠᠨ ᠯᠠᠪᠯᠠᠬᠤ ᠦᠢᠯᠡᠴᠢᠯᠡᠭᠡ ᠦᠷᠨᠢᠬᠦᠯᠪᠡ᠃     ︽ᠣᠶᠢᠷ᠎ᠠ ᠶᠢᠨ ᠵᠢᠯ ᠤᠳ ᠲᠤ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠬᠡᠷᠡᠭᠴᠡᠭᠡ ᠶᠢᠨ ᠬᠤᠪᠢᠷᠠᠯᠲᠠ ᠶᠢ ᠳᠠᠭᠠᠯᠳᠤᠨ᠂ ᠮᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ  ᠦᠢᠯᠡᠴᠢᠯᠡᠬᠡᠨ ᠤ ᠠᠵᠢᠯ ᠴᠤ ᠲᠠᠰᠤᠷᠠᠯᠲᠠ ᠥᠬᠡᠶ ᠰᠢᠯᠢᠳᠡᠭᠵᠢᠵᠦ ᠪᠠᠶᠢᠨ᠎ᠠ︾ ᠭᠡᠵᠦ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠡᠷᠬᠢᠯᠡᠭᠴᠢ ᠷᠧᠨ ᠼᠠᠢ ᠰᠢᠶᠠ ᠬᠡᠯᠡᠨ᠎ᠡ᠃ ᠣᠷᠣᠯᠭ᠎ᠠ ᠨᠢ   ᠲᠤᠤᠷ᠎ᠠ ᠵᠠᠷᠢᠮ ᠬᠥᠮᠦᠰ ᠤᠨ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠤᠨ ᠭᠡᠷᠡᠴᠢ ᠬᠠᠩᠭᠠᠵᠤ ᠳᠡᠶᠢᠯᠬᠦ ᠦᠭᠡᠶ ᠪᠠᠶᠢᠬᠤ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠢᠨ ᠲᠦᠯᠦᠬᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠤᠨ ᠠᠮᠠᠯᠠᠯᠲᠠ  ᠶᠢ ᠭᠠᠷᠭᠠᠵᠤ ᠦᠭᠬᠦ ᠳᠦᠷᠢᠮ ᠢ ᠢᠳᠡᠪᠬᠢᠲᠡᠶ ᠪᠠᠷ ᠬᠡᠷᠡᠭᠵᠢᠬᠦᠯᠵᠤ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠂ ᠬᠠᠤᠯᠢ ᠴᠠᠭᠠᠵᠠ ᠶᠢᠨ ᠭᠠᠵᠠᠷ ᠪᠤᠶᠤ ᠬᠤᠯᠪᠣᠭᠳᠠᠯ ᠪᠦᠬᠦᠢ ᠨᠢᠭᠡᠴᠡ ᠠᠴᠠ ᠭᠠᠷᠭᠠᠵᠤ ᠦᠭᠬᠦᠭᠰᠡᠨ ᠲᠤᠰ ᠬᠥᠮᠦᠨ ᠵᠢᠴᠢ ᠭᠡᠷ ᠪᠦᠯᠢ ᠶᠢᠨ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠢ ᠬᠡᠷᠡᠴᠢᠯᠡᠬᠦ ᠠᠷᠭ᠎ᠠ ᠮᠠᠶ᠋ᠢᠭ ᠢ ᠠᠪᠴᠤ ᠪᠣᠯᠬᠤ ᠮᠥᠷᠲᠡᠭᠡᠨ ᠪᠠᠰᠠ ᠲᠤᠰ ᠬᠥᠮᠦᠨ ᠤ ᠪᠢᠴᠢᠭ ᠤᠨ ᠬᠡᠯᠪᠡᠷᠢ ᠪᠠᠷ ᠠᠮᠠᠯᠳᠠᠬᠤ ᠠᠷᠭ᠎ᠠ ᠪᠠᠷ ᠠᠵᠤ ᠠᠬᠤᠶ ᠶᠢᠨ ᠪᠠᠶᠢᠳᠠᠯ  ᠢ ᠬᠡᠷᠡᠴᠢᠯᠡᠬᠦ ᠶᠢ ᠣᠷᠣᠯᠠᠭᠤᠯᠵᠤ᠂ ᠭᠤᠶᠤᠴᠢᠯᠠᠭᠴᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠬᠦᠢᠴᠡᠳᠬᠡᠬᠦ ᠳᠤ ᠳᠥᠭᠦᠮ ᠦᠵᠡᠬᠦᠯᠬᠦ ᠪᠣᠯᠤᠨ᠎ᠠ᠃ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠶᠠᠪᠤᠳᠠᠯ ᠪᠣᠯ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ︽ᠬᠡᠷᠡᠴᠢᠯᠡᠯ ᠢ ᠴᠥᠭᠡᠳᠬᠡᠵᠦ ᠠᠷᠠᠳ ᠲᠤ ᠲᠥᠬᠦᠮ ᠦᠵᠡᠭᠦᠯᠬᠦ︾ ᠠᠵᠢᠯ ᠤᠨ ᠪᠠᠰᠠ ᠨᠢᠭᠡᠨ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠡ ᠪᠠᠶᠢᠵᠤ᠂ ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠶᠡᠭᠡ ᠪᠠᠷ ᠳᠡᠭᠡᠭᠰᠢᠯᠡᠭᠦᠯᠪᠡ᠃     ᠭᠤᠷᠪᠠᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠤᠨ ᠬᠠᠮᠵᠢᠯᠴᠠᠨ ᠬᠦᠴᠦᠯᠡᠬᠦ ᠪᠠᠷ ᠳᠠᠮᠵᠢᠭᠤᠯᠤᠨ᠂ ᠬᠥᠨᠳᠡᠯᠡᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠴᠢᠳᠠᠪᠤᠷᠢ ᠪᠠ ᠬᠠᠩᠭᠠᠯᠭ᠎ᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠣᠳᠣᠬᠠᠨ ᠪᠣᠯᠲᠠᠯ᠎ᠠ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠬᠡᠨ ᠤ ᠪᠣᠳᠠᠲᠤ ᠴᠣᠭᠴᠠ ᠶᠢᠨ ᠲᠠᠪᠴᠠᠩ ᠨᠢᠭᠡᠨᠲᠡ ᠲᠦᠮᠡ ᠰᠢᠬᠠᠮ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠵᠦᠢᠯᠡᠰ ᠢ ᠬᠠᠩᠭᠠᠵᠤ᠂ ᠣᠯᠠᠨ ᠨᠡᠶᠢᠲᠡ ᠶᠢᠨ ᠦᠢᠯᠡᠴᠢᠯᠡᠭᠡ ᠳᠡᠭᠡᠷ᠎ᠡ ᠲᠠᠰᠤᠷᠠᠯᠲᠠ ᠥᠬᠡᠶ ︽ᠠᠷᠠᠳ ᠤᠨ ᠬᠡᠷᠡᠭᠴᠡᠭᠡ ᠶᠢ ᠬᠠᠩᠭᠠᠵᠤ᠂ ᠠᠷᠠᠳ ᠤᠨ ᠰᠡᠳᠬᠢᠯ ᠢ ᠲᠤᠯᠠᠭᠠᠴᠠᠭᠤᠯᠤᠬᠰᠠᠨ ᠪᠠᠶᠢᠨ᠎ᠠ︾᠃    ︵ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︶      
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号