ᠬᠥᠨᠳᠡᠯᠡᠨ ᠲᠣᠭᠤᠷᠢᠭ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠬᠢᠨ  ᠪᠠᠶᠢᠴᠠᠭᠠᠯᠳᠠ ᠶᠢ ᠤᠬᠳᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/2
    5 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠶᠠᠨ ᠳ᠋ᠦᠩ ᠬᠥᠨᠳᠡᠯᠡᠨ ᠲᠣᠭᠤᠷᠢᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠤᠨ ᠪᠠᠶᠢᠭᠤᠯᠬᠤ ᠳᠠᠬᠢᠨ  ᠪᠠᠶᠢᠴᠠᠭᠠᠯᠳᠠ ᠶᠢ ᠤᠬᠳᠤᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠲᠤᠭᠤᠷᠢᠭ ᠤᠨ ᠤᠳᠤᠷᠢᠳᠤᠯᠭ᠎ᠠ ᠳ᠋ᠢᠩ ᠺᠠᠢ᠂ ᠸᠠᠩ ᠶᠦᠩ ᠱᠧᠩ᠂ ᠦ᠋ ᠸᠧᠨ ᠴᠢᠩ᠂ ᠯᠢᠦ ᠰᠢᠶᠤᠤ ᠫᠢᠩ᠂ ᠵᠤᠤ ᠸᠠᠨ ᠰᠢ᠂ ᠰᠢᠤᠢ ᠶᠢᠦ ᠴᠢᠩ᠂ ᠬᠤ᠋ ᠰᠢᠶᠠ᠂ ᠪᠠᠢ ᠷᠦᠨ ᠬᠤᠩ᠂ ᠮᠢ ᠯᠢ ᠰᠢᠨ᠂ ᠵᠤᠤ ᠵᠢᠶᠦ᠋ᠨ ᠺᠠᠩ᠂ ᠯᠢᠦ ᠯᠢ ᠰᠢᠶᠠ᠂ ᠵᠤᠤ ᠴᠢᠶᠠᠩ᠂ ᠯᠢ ᠴᠠᠩ ᠮᠤᠤ᠂ ᠯᠢ ᡁᠢ ᠢᠦᠢ᠂ ᠸᠠᠩ ᠴᠢᠶᠠᠩ᠂ ᠸᠠᠩ ᠶᠦᠩ ᠰᠢᠶᠠᠩ᠂ ᠭᠤᠤ ᠢᠦᠢ᠂ ᠵᠤᠤ ᠲᠠᠢ ᠰᠢᠶᠠᠨ᠂ ᠾᠧ ᠵᠢᠶᠦ᠋ᠨ᠂ ᠵᠤᠤ ᠳ᠋ᠠᠨ ᠮᠧᠢ ᠬᠤᠷᠠᠯ ᠳᠤ ᠣᠷᠣᠯᠴᠠᠪᠠ᠃       ᠬᠤᠷᠠᠯ ᠠᠴᠠ ᠪᠤᠭᠤᠲᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠳᠠᠬᠢᠨ ᠪᠠᠶᠢᠴᠠᠭᠠᠯᠳᠠ ᠶᠢ ᠤᠬᠳᠤᠬᠤ ᠠᠵᠢᠯ ᠢ ᠠᠬᠢᠭᠤᠯᠬᠤ ᠲᠤᠰᠬᠠᠶ ᠠᠵᠢᠯ ᠤᠨ ᠳᠤᠭᠤᠶᠢᠯᠠᠩ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠬᠥᠨᠳᠡᠯᠡᠨ ᠲᠣᠭᠤᠷᠢᠭ ᠢ ᠱᠠᠯᠠᠪᠳᠠᠭᠤᠯᠤᠨ ᠪᠠᠶᠢᠴᠠᠭᠠᠭᠰᠠᠨ ᠲᠤᠬᠠᠶ ᠮᠡᠳᠡᠬᠦᠯᠦᠯᠳᠡ ᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠯᠢᠶᠠᠨ ᠳ᠋ᠦᠩ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠲᠠᠬᠢᠨ ᠪᠠᠶᠢᠴᠠᠭᠠᠯᠳᠠ ᠶᠢ ᠤᠬᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠡᠷᠡᠭᠦᠯ ᠬᠠᠮᠠᠭᠠᠯᠠᠯ  ᠤᠨ ᠬᠤᠲᠠ ᠶᠢ ᠡᠬᠦᠳᠦᠨ ᠪᠠᠶᠢᠭᠤᠯᠬᠤ ᠲᠠᠬᠢᠨ ᠪᠠᠶᠢᠴᠠᠭᠠᠯᠳᠠ ᠶᠢ ᠤᠬᠳᠤᠬᠤ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠪᠥᠬᠦ ᠲᠠᠯ᠎ᠠ ᠶᠢᠨ ᠦᠨᠳᠦᠷᠴᠡ ᠳᠤ ᠵᠣᠭᠰᠣᠨ᠂ ᠦᠵᠡᠯ ᠰᠠᠨᠠᠭ᠎ᠠ ᠪᠠᠨ  ᠴᠢᠨᠠᠬᠰᠢᠳᠠ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠦᠨ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠦᠵᠡᠯ ᠰᠠᠨᠠᠭ᠎ᠠ ᠪᠠᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ  ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠨ᠂ ᠠᠵᠠ ᠬᠠᠷᠠᠬᠤ ᠪᠣᠳᠣᠯ ᠪᠠ ᠬᠢᠷᠢ ᠲᠠᠩᠴᠡᠨ᠎ᠡ ᠬᠡᠵᠤ  ᠰᠠᠨᠠᠭ᠎ᠠ ᠠᠮᠤᠷ ᠰᠠᠭᠤᠬᠤ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠵᠤ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ ᠪᠠ ᠡᠭᠦᠷᠭᠡ ᠲᠤᠰᠢᠶᠠᠯᠳᠤ ᠰᠠᠯᠠᠭ᠎ᠠ ᠮᠥᠴᠢᠷ ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠶ ᠬᠡᠵᠤ ᠱᠠᠭᠠᠷᠳᠠᠵᠠᠢ᠃     ᠯᠢᠶᠠᠨ ᠳ᠋ᠦᠩ᠂ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠲᠣᠬᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠴᠠᠭ ᠤᠨ ᠳᠣᠲᠣᠷ᠎ᠠ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠵᠡᠭᠡᠯᠢ ᠪᠠᠯᠭᠠᠰᠤ ᠶᠢᠨ ᠨᠠᠮ ᠤᠨ ︵ᠠᠵᠢᠯ ᠤᠨ ᠬᠤᠷᠢᠶ᠎ᠡ︶ ᠬᠤᠷᠢᠶ᠎ᠠ ᠶᠢᠨ ᠱᠦᠵᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ ᠠᠰᠠᠭᠤᠳᠠᠯ ᠳᠤ ᠴᠢᠭᠯᠡᠭᠦᠯᠦᠨ ᠵᠦᠢᠯ ᠨᠢᠬᠡᠪᠦᠷᠢ ᠶᠢ ᠨᠢᠬᠡ ᠨᠢᠬᠡ ᠪᠠᠷ ᠳᠠᠷᠠᠭᠠᠯᠠᠨ ᠵᠢᠭᠰᠠᠭᠠᠨ ᠪᠠᠶᠢᠴᠠᠭᠠᠵᠤ᠂ ᠬᠠᠷᠠᠯᠲᠠᠲᠤ ᠡᠭᠦᠷᠭᠡ ᠪᠠᠨ ᠰᠠᠯᠭᠠᠨ ᠬᠤᠪᠢᠶᠠᠷᠢᠯᠠᠵᠤ᠂ ᠠᠵᠢᠯ ᠤᠨ ᠡᠬᠡ ᠲᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠲᠤᠰᠢᠶᠠᠯ ᠤᠨ   ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠲᠣᠰ ᠠᠵᠢᠯ ᠲᠥᠷᠥᠯ ᠤᠨ ᠴᠡᠭᠴᠡᠯᠡᠨ ᠰᠠᠶᠢᠵᠢᠷᠠᠭᠤᠯᠬᠤ ᠡᠯ᠎ᠡ  ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠨ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠤᠭᠤᠷᠢᠭ ᠤᠨ  ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠳᠠᠬᠢᠨ ᠪᠠᠶᠢᠴᠠᠭᠠᠯᠳᠠ ᠶᠢ ᠤᠬᠳᠤᠬᠤ  ᠠᠵᠢᠯ ᠢ ᠠᠬᠢᠭᠤᠯᠬᠤ ᠲᠤᠰᠬᠠᠢ ᠠᠵᠢᠯ ᠤᠨ ᠳᠤᠭᠤᠶᠢᠯᠠᠩ ᠨᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠳᠬᠠᠵᠤ᠂ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠲᠠᠬᠢᠨ ᠪᠠᠶᠢᠴᠠᠭᠠᠯᠳᠠ ᠶᠢ ᠤᠬᠳᠤᠬᠤ ᠠᠵᠢᠯ ᠢ ᠠᠬᠢᠭᠤᠯᠬᠤ ᠲᠤᠰᠬᠠᠢ ᠠᠵᠢᠯ ᠤᠨ ᠳᠤᠭᠤᠶᠢᠯᠠᠩ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠯᠤᠭ᠎ᠠ ᠪᠦᠲᠦᠮᠵᠢᠲᠡᠢ ᠵᠤᠯᠭᠠᠯᠴᠠᠭᠤᠯᠬᠤ ᠶᠢ ᠢᠳᠡᠪᠬᠢᠲᠡᠢ ᠠᠬᠢᠭᠤᠯᠵᠤ᠂ ᠠᠵᠢᠯ ᠤᠨ  ᠠᠬᠢᠴᠠ ᠪᠠ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠬᠠᠪᠰᠤᠷᠤᠯᠭ᠎ᠠ ᠳᠡᠮᠵᠢᠯᠭᠡ ᠣᠯᠬᠤ ᠬᠡᠷᠡᠭᠲᠡᠢ᠃ ᠱᠠᠯᠠᠪᠳᠠᠭᠤᠯᠤᠨ ᠵᠢᠯᠣᠭᠤᠳᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠲᠤᠬᠠᠢ ᠳᠤᠨᠢ ᠲᠤᠰᠢᠶᠠᠨ ᠰᠢᠢᠳᠪᠦᠷᠢᠯᠡᠭᠦᠯᠵᠦ ᠱᠠᠯᠠᠪᠳᠠᠭᠤᠯᠤᠨ ᠰᠢᠢᠳᠪᠦᠷᠢᠯᠡᠭᠦᠯᠵᠦ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠳᠡᠭᠡᠭᠰᠢᠯᠡᠭᠦᠯᠦᠨ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ  ᠡᠬᠦᠳᠤᠨ ᠪᠠᠶᠢᠭᠤᠯᠬᠤ ᠳᠠᠬᠢᠨ ᠪᠠᠶᠢᠴᠠᠭᠠᠯᠳᠠ ᠶᠢ ᠤᠬᠳᠤᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ  ᠬᠡᠵᠤ ᠴᠢᠬᠤᠯᠠᠴᠢᠯᠠᠪᠠ᠃   ︵  ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ    ᠹᠧᠩ ᠰᠢᠤᠸᠠᠢ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号