﹇ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠶᠠᠪᠤᠭᠳᠠᠵᠤ ᠪᠠᠶᠢᠨ᠎ᠠ﹈  ᠬᠦᠨᠳᠡᠯᠡᠨ ᠬᠤᠶᠢᠳᠤ ᠵᠡᠭᠡᠯᠢ ᠭᠤᠳᠤᠮᠵᠢ ᠠᠯᠪᠠᠨ ᠵᠢᠷᠤᠮ ᠤᠨ ᠬᠥᠳᠡᠯᠮᠦᠷᠢ ᠬᠢᠵᠤ᠂ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/6/20
   ᠬᠦᠨᠳᠡᠯᠡᠨ ᠬᠤᠶᠢᠳᠤ ᠵᠡᠭᠡᠯᠢ ᠭᠤᠳᠤᠮᠵᠢ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠴᠡᠪᠡᠷ ᠴᠡᠮᠴᠡᠭᠡᠷ᠂ ᠲᠠᠭᠠᠯᠠᠮᠵᠢᠲᠠᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠬᠤᠪᠢ ᠨᠡᠮᠡᠷᠢ ᠦᠵᠡᠭᠦᠯᠬᠦ ᠤᠬᠠᠮᠰᠠᠷ ᠢ ᠲᠡᠭᠡᠭᠰᠢᠯᠡᠬᠦᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠤ ᠦᠭᠬᠦ︾ ᠶᠢ ᠪᠣᠳᠠᠲᠠᠶ ᠳᠤ ᠨᠠᠶᠢᠳᠡᠪᠦᠷᠢᠵᠢᠭᠤᠯᠬᠤ ᠶᠢᠨ ᠲᠦᠯᠦᠬᠡ᠂ ᠣᠶᠢᠷ᠎ᠠ ᠳᠤ᠂ ᠬᠦᠨᠳᠡᠯᠡᠨ ᠬᠤᠶᠢᠳᠤ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ  ᠪᠥᠬᠦ  ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ ᠶᠢᠨ ᠰᠠᠶᠢᠨ ᠳᠤᠷᠠᠴᠤᠳ ᠨᠡᠶᠢᠲᠡ 100 ᠭᠠᠷᠤᠶ ᠬᠥᠮᠦᠨ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ  ᠬᠡᠷᠡᠮ ᠲᠣᠰᠬᠤᠨ ᠳᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠯᠪᠠᠨ ᠵᠢᠷᠤᠮ ᠤᠨ ᠬᠥᠳᠡᠯᠮᠦᠷᠢ ᠥᠷᠨᠢᠭᠦᠯᠪᠡ᠃    ᠠᠭᠠᠭᠢᠮ᠎ᠠ ᠬᠠᠯᠠᠭᠤᠨ ᠠᠭᠤᠷ ᠠᠮᠢᠰᠬᠤᠯ ᠨᠢ ᠤᠯᠠᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ ᠶᠢ ᠬᠤᠷᠢᠭᠯᠠᠵᠤ ᠳᠡᠶᠢᠯᠬᠦ ᠦᠭᠡᠢ᠂ ᠬᠥᠳᠡᠯᠮᠦᠷᠢ ᠶᠢᠨ ᠲᠤᠬᠠᠢ ᠶᠢᠨ ᠲᠠᠯᠠᠪᠤᠷ ᠲᠤ ᠤᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠠᠵᠢᠯᠯᠠᠵᠤ ᠪᠠᠶᠢᠯ᠎ᠠ᠃ ᠪᠠᠶᠢᠭᠤᠯᠭ᠎ᠠ ᠶᠢᠨ ᠺᠠᠳ᠋ᠷᠴᠤᠳ ᠪᠣᠯᠤᠨ ᠰᠠᠶᠢᠨ ᠳᠤᠷᠠᠴᠤᠳ ᠬᠦᠴᠢᠷ ᠠᠴᠠ ᠠᠶᠤᠬᠤ ᠥᠬᠡᠶ᠂ ᠶᠠᠳᠠᠷᠠᠯ ᠵᠦᠳᠡᠷᠡᠯ ᠠᠴᠠ ᠠᠶᠤᠬᠤ ᠥᠬᠡᠶ ᠰᠢᠯᠢᠳᠡᠭ ᠤᠯᠠᠮᠵᠢᠯᠠᠯ ᠢᠶᠠᠨ ᠬᠦᠢᠴᠡᠳ ᠪᠠᠳᠠᠷᠠᠭᠤᠯᠵᠤ᠂ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠺᠠᠳ᠋ᠷᠴᠤᠳ ᠤᠨ ᠪᠦᠯᠬᠦᠮᠳᠡᠨ ᠬᠠᠮᠵᠢᠯᠴᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠡᠷᠡᠮᠳᠤ ᠲᠣᠰᠬᠤᠨ ᠤ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠯᠢᠯᠳᠤᠨ ᠰᠠᠭᠤᠷᠢᠰᠢᠬᠰᠠᠨ ᠬᠦᠷᠢᠶ᠎ᠡ᠂ ᠵᠢᠵᠢᠭ ᠵᠠᠷ ᠮᠡᠳᠡᠭᠡ ᠵᠡᠷᠭᠡ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠴᠡᠪᠡᠷᠯᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠬᠥᠳᠡᠯᠮᠦᠷᠢᠯᠡᠬᠦ ᠶᠢᠨ ᠵᠡᠷᠬᠡ ᠪᠠᠷ᠂ ᠣᠯᠠᠨ ᠢᠶᠠᠷ ᠢᠶᠠᠨ ᠪᠠᠰᠠ ᠪᠣᠯᠪᠠᠰᠤᠨ ᠬᠤᠲᠠ ᠶᠢ ᠡᠬᠦᠳᠦᠨ ᠪᠠᠶᠢᠭᠤᠯᠬᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ  ᠤᠬᠠᠭᠤᠯᠵᠤ᠂ ᠡᠯ᠎ᠡ ᠲᠣᠰᠬᠤᠨ᠂ ᠬᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠢᠶᠠᠷ ᠳᠠᠮᠵᠢᠭᠤᠯᠤᠨ ︽ᠪᠣᠯᠪᠠᠰᠤᠨ ᠬᠤᠲᠠ ᠶᠢ ᠡᠬᠦᠳᠦᠨ ᠪᠠᠶᠢᠭᠤᠯᠬᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠪᠲᠡᠷᠡᠭᠦᠯᠵᠦ᠂ ᠪᠥᠬᠦ ᠲᠣᠰᠬᠤᠨ ︵ᠰᠠᠭᠤᠭᠠᠯᠢ ᠠᠷᠠᠳ  ᠤᠨ ᠲᠤᠭᠤᠷᠢᠭ︶ ᠤ ᠠᠷᠠᠳ ᠤᠨ ᠵᠢᠵᠢᠭ ᠶᠠᠪᠤᠳᠠᠯ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠠᠮᠢ ᠠᠬᠤᠶ ᠶᠢᠨ ᠪᠤᠭᠤᠲᠤ᠂ ᠪᠣᠯᠪᠠᠰᠤᠨ ᠪᠤᠭᠤᠲᠤ᠂ ᠵᠣᠯ ᠵᠢᠷᠭᠠᠯᠲᠤ ᠪᠤᠭᠤᠲᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠶᠢ ᠬᠥᠲᠥᠯᠥᠨ ᠵᠢᠯᠤᠭᠤᠳᠤᠬᠰᠠᠨ ᠪᠠᠶᠢᠨ᠎ᠠ᠃     ᠲᠣᠰ ᠤᠳᠠᠭᠠᠨ ᠤ ᠠᠯᠪᠠᠨ ᠵᠢᠷᠤᠮ ᠤᠨ ᠬᠥᠳᠡᠯᠮᠦᠷᠢ ᠶᠢ ᠥᠷᠨᠢᠭᠦᠯᠬᠦ ᠪᠠᠷ ᠳᠠᠮᠵᠢᠭᠤᠯᠤᠨ ᠪᠤᠯᠪᠠᠰᠤᠨ ᠬᠤᠳᠠ  ᠶᠢ ᠡᠬᠦᠳᠦᠨ ᠪᠠᠶᠢᠭᠤᠯᠬᠤ᠂ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠦᠷ᠎ᠡ ᠪᠦᠲᠦᠭᠡᠯ ᠢ ᠪᠠᠬᠢᠵᠢᠭᠦᠯᠦᠭᠰᠡᠨ ᠮᠥᠷᠲᠡᠭᠡᠨ ᠪᠠᠰᠠ ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠥᠷᠭᠡᠨ ᠣᠯᠠᠨ ᠲᠦᠮᠡᠨ ᠤ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ᠂ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠪᠡ᠃ ᠡᠭᠦᠨ ᠤ ᠤᠯᠠᠮ ᠠᠴᠠ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠬᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠳᠤ ᠦᠢᠯᠡᠴᠢᠯᠡᠬᠦ ᠢᠳᠡᠪᠬᠢᠵᠢᠯ ᠢ ᠲᠠᠶᠢᠴᠢᠯᠠᠨ᠂ ᠠᠷᠠᠳ ᠤᠯᠠᠨ ᠳᠤ ᠦᠨᠡᠨ ᠬᠦ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠦᠭᠬᠦ ᠶᠢ  ᠪᠡᠶᠡᠯᠡᠬᠦᠯᠦᠭᠰᠡᠨ ᠪᠠᠶᠢᠨ᠎ᠠ᠃    ︵ᠬᠦᠨᠳᠡᠯᠡᠨ ᠬᠤᠶᠢᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶    
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号