﹇ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠶᠠᠪᠤᠭᠳᠠᠵᠤ ᠪᠠᠶᠢᠨ᠎ᠠ﹈  ᠨᠠᠮ ᠤᠨ ᠲᠡᠦᠬᠡ ᠶᠢ ᠰᠤᠷᠤᠯᠴᠠᠵᠤ ᠪᠣᠳᠠᠲᠤ ᠶᠠᠪᠤᠳᠠᠯ ᠬᠢᠵᠦ᠂ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠶᠢ  ᠠᠬᠢᠭᠤᠯᠤᠨ ᠬᠦᠨᠳᠡᠯᠡᠨ ᠭᠤᠤᠯ ᠪᠠᠯᠭᠠᠰᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2021/6/20
    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠦᠨᠳᠡᠯᠡᠨ ᠭᠤᠤᠯ ᠪᠠᠯᠭᠠᠰᠤᠨ ᠤ ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠶᠢ ᠴᠢᠬᠤᠯᠠ ᠠᠭᠤᠯᠭ᠎ᠠ ᠪᠠ ᠲᠣᠪᠤᠶᠢᠮ᠎ᠠ ᠠᠳᠬᠤᠴᠠ ᠪᠣᠯᠭᠠᠵᠤ᠂ ᠣᠯᠠᠨ ᠲᠦᠮᠡᠨ ᠤ ︽ ᠪᠠᠴᠢᠮᠳᠠᠵᠤ᠂ ᠲᠦᠪᠡᠭᠳᠡᠵᠤ᠂ ᠵᠤᠪᠠᠨᠢᠵᠤ᠂ ᠬᠦᠰᠡᠵᠤ︾  ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠠᠷᠭ᠎ᠠ ᠬᠡᠮᠵᠢᠶ᠎ᠡ ᠠᠪᠴᠤ ᠪᠣᠳᠠᠲᠤ ᠶᠠᠪᠤᠳᠠᠯ ᠬᠢᠵᠦ᠂ ᠡᠷᠡᠭᠦᠯ ᠬᠠᠮᠠᠭᠠᠯᠠᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠬᠤᠲᠠ ᠶᠢᠨ ᠵᠠᠬ᠎ᠠ ᠲᠣᠰᠬᠤᠨ᠂ ᠬᠤᠲᠠ ᠶᠢᠨ ᠳᠤᠮᠳᠠᠬᠢ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶ ᠦᠷᠨᠢᠬᠦᠯᠦᠭᠰᠡᠨ ᠢᠶᠠᠷ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢᠯᠡᠳᠲᠡ ᠰᠠᠶᠢᠵᠢᠷᠠᠵᠤ᠂ ᠥᠷᠭᠡᠨ ᠣᠯᠠᠨ ᠲᠦᠮᠡᠨ ᠤ ᠡᠷᠬᠢᠨ ᠲᠣᠭᠤᠷᠢᠨ ᠤ ᠪᠠᠨ ᠠᠮᠢᠳᠤᠷᠠᠯ ᠤᠨ ᠣᠷᠴᠢᠨ ᠲᠣᠭᠤᠷᠢᠨ ᠤ ᠲᠤᠬᠠᠶ ᠬᠠᠮᠳᠤ ᠶᠢᠨ ᠲᠠᠨᠢᠯᠳᠠ᠂ ᠬᠠᠨᠤᠮᠵᠢ ᠶᠢᠨ ᠬᠡᠮᠵᠢᠶ᠎ᠡ ᠴᠤ ᠢᠯᠡᠳᠲᠡ ᠳᠡᠭᠡᠭᠰᠢᠯᠡᠪᠡ᠃     ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠵᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠬᠦᠯᠪᠡ   ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠬᠤ ᠶᠢ ᠪᠠᠷᠢᠮᠲᠠᠯᠠᠵᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠥᠳᠡᠯᠭᠡᠬᠦ ᠬᠦᠴᠦᠨ ᠢ ᠬᠦᠭᠵᠢᠬᠡᠪᠡ᠃ ᠲᠣᠰᠬᠤᠨ᠂ ᠬᠡᠷ ᠬᠤᠷᠢᠶᠠᠯᠠᠯ ᠤᠨ ᠨᠠᠮ ᠤᠨ ᠬᠤᠷᠢᠶ᠎ᠠ ᠬᠠᠮᠢᠶ᠎ᠠ ᠪᠥᠬᠦᠶ ᠡᠭᠦᠷᠭᠡ ᠲᠤᠰᠢᠶᠠᠯᠳᠤ ᠰᠠᠯᠠᠭ᠎ᠠ ᠮᠥᠴᠢᠷ ᠵᠢᠴᠢ ᠠᠵᠢᠯᠯᠠᠬᠤ ᠲᠠᠪᠴᠠᠩ ᠢ ᠢᠳᠡᠪᠬᠢᠲᠡᠶ ᠨᠢᠭᠡᠳᠦᠯᠲᠡᠶ ᠲᠥᠯᠥᠪᠵᠢᠭᠦᠯᠦᠨ ᠨᠡᠶᠢᠳᠬᠡᠵᠦ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠭᠠᠵᠠᠷ᠂ ᠠᠳᠠᠯ ᠠᠬᠤᠶ ᠶᠢᠨ ᠬᠠᠮᠢᠶᠠᠷᠤᠯᠳᠠ᠂ ᠬᠡᠷ ᠬᠤᠷᠢᠶᠠᠯᠠᠯ ᠤᠨ ᠰᠠᠶᠢᠨ ᠳᠤᠷᠠᠴᠤᠳ ᠵᠡᠷᠭᠡ ᠣᠯᠠᠨ ᠲᠠᠯ᠎ᠠ ᠶᠢᠨ ᠬᠦᠴᠦᠨ ᠢ ᠵᠤᠬᠢᠶᠠᠨ ᠪᠠᠶᠢᠭᠤᠯᠤᠨ ᠬᠤᠯᠪᠣᠭᠠᠯᠠᠨ ᠬᠥᠳᠡᠯᠦᠯᠴᠡᠵᠦ᠂ ᠨᠢᠭᠡᠳᠦᠯᠲᠡᠶ ᠵᠤᠬᠢᠴᠠᠭᠤᠯᠬᠤ ᠂ ᠨᠢᠭᠡᠳᠦᠯᠲᠡᠶ ᠲᠣᠬᠢᠷᠠᠭᠤᠯᠬᠤ᠂ ᠵᠠᠳᠠᠯᠤᠨ ᠨᠠᠷᠢᠯᠢᠬᠵᠢᠭᠤᠯᠬᠤ ᠪᠠᠷ ᠳᠡᠮᠵᠢᠨ᠂ ᠨᠠᠮ ᠤᠨ ᠭᠡᠰᠢᠭᠦᠨ ᠤ ᠳᠠᠭᠠᠭᠤᠯᠭ᠎ᠠ ᠳᠤᠤᠷ᠎ᠠ ᠪᠠᠷᠢᠯᠭ᠎ᠠ ᠶᠢᠨ ᠬᠠᠯᠬᠠᠪᠴᠢ ᠬᠡᠷᠡᠮ ᠤᠨ ᠲᠤᠳᠤᠨ᠎ᠠ ᠭᠠᠳᠠᠨᠠᠬᠢ  ᠬᠤᠭ ᠨᠤᠪᠰᠢ᠂ ᠠᠮᠢᠳᠤᠷᠠᠯ ᠤᠨ ᠬᠤᠭ ᠨᠣᠪᠰᠢ ᠶᠢ ᠲᠦᠪᠯᠡᠷᠡᠬᠦᠯᠦᠨ ᠴᠡᠪᠡᠷᠯᠡᠨ ᠠᠷᠢᠯᠭᠠᠵᠤ᠂  ᠬᠡᠷᠡᠭᠯᠡᠬᠦ ᠦᠬᠡᠢ ᠪᠤᠯᠤᠬᠰᠠᠨ ᠬᠠᠶᠠᠭᠳᠠᠮᠠᠯ ᠬᠦᠷᠢᠶ᠎ᠡ ᠬᠠᠰᠢᠶ᠎ᠡ ᠪᠣᠯᠤᠨ ᠪᠤᠶᠢᠳᠠ ᠪᠦᠭᠯᠡᠬᠦᠦ ᠵᠡᠭᠡᠯᠢ ᠭᠤᠳᠤᠮᠵᠢ ᠶᠢᠨ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠰᠢᠢᠳᠪᠦᠷᠢᠯᠡᠨ᠂ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠶᠢᠨ ᠡᠵᠡᠩᠨᠡᠯᠲᠡ ᠶᠢ ᠵᠢᠷᠤᠮᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠲᠠᠰᠤᠷᠠᠯᠲᠠ ᠥᠬᠡᠶ ᠨᠢᠬᠳᠠᠷᠠᠭᠤᠯᠪᠠ᠃ ᠣᠳᠣᠬᠠᠨ ᠪᠣᠯᠲᠠᠯ᠎ᠠ᠂ 60 ᠭᠠᠷᠤᠶ ᠠᠴᠢᠶᠠᠨ ᠤ ᠮᠠᠰᠢᠨ᠂ 100 ᠭᠠᠷᠤᠶ ᠤᠬᠤᠭᠤᠷ ᠮᠠᠰᠢᠨ ᠢ ᠬᠦᠳᠡᠯᠬᠡᠵᠤ᠂ 2100 ᠭᠠᠷᠤᠶ ᠲᠡᠷᠬᠡ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠤ᠂ 120000 ᠪᠣᠰᠤᠭ᠎ᠠ ᠳᠥᠷᠪᠡᠯᠵᠢᠨ ᠮᠧᠲᠷ ᠬᠤᠭ ᠨᠣᠪᠰᠢ ᠶᠢ ᠴᠡᠪᠡᠷᠯᠡᠨ ᠠᠷᠢᠯᠭᠠᠵᠠᠢ᠃     ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠳᠤ ᠨᠠᠮ ᠵᠠᠰᠠᠭ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠲᠡᠶ ᠪᠠᠷ ᠪᠠᠷᠠᠬᠤ ᠥᠬᠡᠶ ᠪᠠᠰᠠ ᠪᠥᠬᠦ ᠠᠷᠠᠳ ᠢᠶᠠᠷ ᠢᠶᠠᠨ ᠰᠡᠳᠬᠢᠯ ᠨᠢᠭᠡᠳᠴᠦ᠂ ᠬᠦᠴᠦ ᠪᠠᠨ ᠬᠠᠮᠲᠤᠳᠬᠠᠨ ᠬᠠᠮᠲᠤ ᠪᠠᠷ ᠡᠭᠦᠳᠦᠨ ᠪᠠᠶᠢᠭᠤᠯᠬᠤ ᠬᠡᠷᠡᠭᠲᠡᠶ᠃ ᠡᠨᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾  ᠦᠢᠯᠡᠳᠦᠯᠬᠡ ᠶᠢᠨ ᠠᠵᠢᠯᠯᠠᠭ᠎ᠠ ᠪᠠᠷ ᠠᠳᠬᠤᠴᠠ ᠪᠣᠯᠭᠠᠵᠤ᠂ ᠤᠯᠠᠨ ᠲᠦᠮᠡᠨ ᠤ ᠰᠠᠨᠠᠯ ᠢ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠣᠯᠠᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠵᠢᠯ ᠤᠨ ᠤᠬᠠᠭᠤᠯᠭ᠎ᠠ ᠶᠢᠨ ᠰᠠᠮᠪᠠᠷ᠎ᠠ ᠶᠢ 1500 ᠭᠠᠷᠤᠶ ᠬᠡᠰᠡᠭ ᠰᠢᠨᠡᠴᠢᠯᠡᠪᠡ᠃ ᠡᠭᠦᠨ ᠤ  ᠵᠡᠷᠭᠡ ᠪᠠᠷ᠂ ᠠᠵᠢᠯᠲᠠᠳ ᠠᠴᠠ ᠰᠠᠭᠤᠭᠠᠯᠢ ᠠᠷᠠᠳ ᠲᠤ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠡᠮᠵᠢᠬᠦ᠂ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠰᠠᠨᠠᠭᠠᠴᠢᠯᠠᠭ᠎ᠠ ᠭᠠᠷᠭᠠᠵᠤ᠂ ᠪᠠᠰᠠ ᠤᠬᠠᠭᠤᠯᠭ᠎ᠠ ᠶᠢᠨ ᠠᠦᠳᠢᠤ᠋᠂ LED ᠳᠡᠯᠭᠡᠴᠡ᠂ ᠰᠠᠭᠤᠭᠠᠯᠢ ᠠᠷᠠᠳ ᠤᠨ ᠲᠤᠤᠷᠵᠢᠭᠤᠯᠤᠯᠳᠠ  ᠶᠢᠨ ᠵᠢᠷᠬᠢᠶ᠎ᠡ ᠴᠤᠬᠯᠠᠷᠠᠯ᠂ ᠰᠦᠯᠵᠢᠶᠡᠨ ᠭᠠᠳᠠᠨᠠᠬᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠡᠷᠭᠡ ᠪᠠᠷ ᠳᠠᠮᠵᠢᠭᠤᠯᠤᠨ ᠰᠠᠭᠤᠭᠠᠯᠢ ᠠᠷᠠᠳ ᠢ ᠴᠥᠮ ᠡᠵᠡᠨ ᠬᠥᠮᠦᠨ ᠤ ᠣᠪᠣᠷ ᠢᠶᠠᠷ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠥᠷᠭᠡᠨ ᠣᠯᠠᠨ ᠲᠦᠮᠡᠨ ᠤ ᠳᠡᠮᠵᠢᠯᠭᠡ ᠶᠢ ᠣᠯᠵᠤ᠂ ᠴᠥᠭᠡᠨ ᠪᠤᠰᠤ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠬᠡᠷ ᠤᠨ ᠡᠭᠦᠳᠡᠨ ᠳᠡᠭᠡᠷᠡᠬᠢ ᠵᠠᠮ ᠢ ᠡᠵᠡᠯᠡᠭᠰᠡᠨ ᠡᠳ᠋ ᠪᠣᠳᠠᠰ  ᠢᠶᠠᠨ ᠴᠡᠪᠡᠷᠯᠡᠵᠦ᠂ ᠪᠠᠰᠠ ᠰᠠᠨᠠᠭᠠᠴᠢᠯᠠᠭ᠎ᠠ ᠠᠴᠠ ᠪᠠᠨ ᠰᠠᠶᠢᠨ ᠳᠤᠷ᠎ᠠ ᠶᠢᠨ ᠠᠵᠢᠯᠯᠠᠭᠴᠢ ᠪᠣᠯᠵᠣ ᠠᠵᠢᠯᠲᠠᠨ ᠢ ᠬᠠᠪᠰᠤᠷᠤᠨ ᠰᠠᠭᠤᠭᠠᠯᠢ ᠠᠷᠠᠳ ᠤᠨ ᠦᠵᠡᠯ ᠰᠠᠨᠠᠭᠠᠨ ᠤ ᠠᠵᠢᠯ ᠢ ᠬᠢᠵᠦ᠂ ᠰᠠᠭᠤᠭᠠᠯᠢ ᠠᠷᠠᠳ ᠤᠨ ᠵᠠᠶᠢᠯᠠᠭᠤᠯᠵᠤ ᠪᠣᠯᠤᠰᠢ ᠥᠬᠡᠶ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠭᠡᠪᠡ᠃      ᠺᠠᠳ᠋ᠷ ᠣᠯᠠᠨ ᠲᠦᠮᠡᠨ ᠰᠡᠳᠬᠢᠯ ᠨᠢᠭᠡᠳᠦᠨ᠂ ᠴᠢᠩ ᠰᠡᠳᠬᠢᠯ ᠠᠴᠠ ᠪᠠᠨ ᠦᠢᠯᠡᠴᠢᠯᠡᠵᠤ᠂ ᠰᠡᠳᠬᠢᠯ ᠲᠠᠯᠪᠢᠨ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ  ᠦᠭᠪᠡ      ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ  ᠪᠠᠯᠭᠠᠰᠤ ᠲᠠᠶᠠᠭᠠᠷ ᠢᠶᠠᠨ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠵᠤ᠂ ᠨᠠᠮ ᠤᠨ ᠭᠡᠰᠢᠭᠦᠨ ᠰᠠᠶᠢᠨ ᠳᠤᠷᠠᠴᠤᠳ ᠢ ᠳᠠᠶᠢᠴᠢᠯᠠᠨ ᠠᠵᠢᠯ ᠤᠨ ᠳᠤᠭᠤᠶᠢᠯᠠᠩ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠪᠦᠬᠦᠨ ᠢ ᠲᠣᠰᠬᠤᠨ᠂ ᠬᠡᠷ ᠬᠤᠷᠢᠶᠠᠯᠠᠯ ᠳᠤ ᠬᠦᠨᠵᠡᠬᠡᠶᠢᠷᠡᠬᠦᠯᠵᠤ᠂ ᠡᠭᠦᠳᠦᠨ ᠪᠠᠶᠢᠭᠤᠯᠬᠤ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠠᠵᠢᠯ ᠤᠨ ᠡᠮᠦᠨ᠎ᠡ ᠹᠷᠣᠨᠲ ᠲᠤ ᠲᠡᠷᠡ ᠲᠤᠤᠷ᠎ᠡ ᠨᠢ ᠨᠠᠶᠢᠳᠠᠪᠤᠷᠢᠵᠢᠭᠤᠯᠬᠤ ᠵᠢ‌‍ᠪᠠᠲᠤᠯᠠᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠠᠷᠢᠭᠤ ᠲᠤᠰᠬᠠᠭᠰᠠᠨ ᠰᠠᠨᠠᠯ ᠢ ᠣᠯᠠᠨ ᠠᠷᠭ᠎ᠠ ᠵᠠᠮ ᠢᠶᠠᠷ ᠰᠢᠩᠭᠡᠭᠡᠨ ᠠᠪᠴᠤ᠂ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠴᠤᠬᠯᠠᠭᠤᠯᠵᠠᠢ᠃ ᠬᠠᠷᠢᠭᠤ ᠲᠤᠰᠬᠠᠭᠰᠠᠨ ᠠᠭᠤᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠪᠠᠷᠢᠨ ᠴᠡᠭᠴᠡᠯᠡᠨ ᠰᠠᠶᠢᠵᠢᠷᠠᠭᠤᠯᠵᠤ᠂ ᠡᠷᠡᠬᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠬᠦᠷᠦᠯᠴᠡᠬᠦ ᠥᠬᠡᠶ ᠲᠠᠯ᠎ᠠ ᠪᠠᠨ ᠪᠦᠳᠦᠮᠵᠢᠳᠡᠢ ᠨᠥᠬᠦᠪᠥᠷᠢᠯᠡᠪᠡ᠃ ᠨᠠᠷᠢᠯᠢᠬᠵᠢᠭᠤᠯᠤᠨ ᠵᠠᠰᠠᠬᠤ ᠰᠢᠨ᠎ᠡ ᠠᠷᠭ᠎ᠠ ᠬᠡᠯᠪᠡᠷᠢ᠂ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠵᠦ᠂  ᠨᠢᠳᠦᠨ ᠡᠮᠦᠨᠡᠬᠢ ᠬᠦᠴᠢᠷᠳᠡᠯ ᠢ ᠠᠯᠢ ᠴᠢᠳᠠᠬᠤ ᠪᠠᠷ ᠢᠯᠠᠨ ᠳᠠᠪᠠᠵᠤ᠂ ᠰᠢᠨ᠎ᠡ ᠶᠢ ᠡᠭᠦᠳᠴᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠠᠮ ᠢᠶᠠᠷ ᠵᠠᠮᠨᠠᠪᠠ᠃    ︵ᠢᠷᠡᠯᠲᠡ᠄  ᠬᠦᠨᠳᠡᠯᠡᠨ ᠭᠤᠤᠯ ᠪᠠᠯᠭᠠᠰᠤ︶  
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号