ᠮᠠᠨ ᠤ  ᠲᠤᠭᠤᠷᠢᠭ 6.18 ᠤ ᠡᠯᠧᠺᠲᠷᠣᠨ ᠬᠤᠳᠠᠯᠳᠤᠭᠠᠨ ᠤ ᠨᠠᠶᠢᠷ ᠵᠢᠴᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/6/24
     6 ᠰᠠᠷ᠎ᠠ ᠶᠢᠨ 18 ᠤ ᠡᠳᠦᠷ᠂ ᠮᠠᠨ ᠤ ᠲᠤᠭᠤᠷᠢᠭ ᠡᠤ ᠶᠤᠸᠠᠢ ᠠᠭᠤᠳᠠᠮ ᠲᠠᠯᠠᠪᠠᠶ ᠳᠤ ᠬᠤᠶᠠᠳᠤᠭᠠᠷ ᠬᠤᠭᠤᠴᠠᠭᠠᠨ ᠤ ︽ᠡᠯᠧᠺᠲᠷᠣᠨ ᠬᠤᠳᠠᠯᠳᠤᠭ᠎ᠠ ᠶᠢᠨ ᠪᠡᠯᠡᠭ ᠬᠦᠷᠭᠡᠬᠦ᠂ ᠬᠤᠳᠠᠯᠳᠤᠨ ᠠᠪᠬᠤ ᠶᠢᠨ ᠪᠠᠶᠠᠰᠤᠯ︾ 6 · 18 ᠤ ᠡᠯᠧᠺᠲᠷᠣᠨ ᠬᠤᠳᠠᠯᠳᠤᠭᠠᠨ ᠤ ᠨᠠᠶᠢᠷ ᠵᠢᠴᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ ᠡᠷᠭᠢᠯᠡᠪᠡ᠃ ᠠᠵᠢᠯᠯᠠᠭ᠎ᠠ ᠨᠢ ᠡᠬᠢᠯᠡᠯᠲᠡ ᠶᠢᠨ ᠶᠣᠰᠣᠯᠠᠯ᠂ ᠰᠦᠯᠵᠢᠶᠠᠨ ᠠᠪᠢᠶᠠᠰᠳᠠᠨ ᠤ ᠰᠢᠭᠤᠳ ᠨᠡᠪᠲᠡᠷᠡᠭᠦᠯᠭᠡ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ᠂ ᠤᠷᠠᠨ ᠰᠠᠶᠢᠬᠠᠨ ᠤ ᠲᠣᠭᠯᠠᠯᠲᠠ᠂ ᠴᠠᠭ ᠬᠢᠵᠠᠭᠠᠷᠯᠠᠨ ᠪᠠᠷᠠᠭ᠎ᠠ ᠬᠤᠳᠠᠯᠳᠤᠬᠤ᠂ ᠤᠷᠠᠨ ᠪᠢᠴᠢᠯᠭᠡ ᠤᠷᠠᠨ ᠵᠢᠷᠤᠭ ᠤᠨ ᠠᠯᠪᠠᠨ ᠵᠢᠷᠤᠮ ᠤᠨ ᠬᠤᠳᠠᠯᠳᠤᠭ᠎ᠠ ᠵᠡᠷᠭᠡ ᠵᠢᠷᠭᠤᠭᠠᠨ ᠶᠡᠭᠡ ᠬᠡᠰᠡᠭ ᠢᠶᠠᠷ ᠪᠦᠷᠢᠯᠳᠦᠪᠡ᠃ ᠠᠵᠢᠯᠯᠠᠭ᠎ᠠ ᠳᠤ ᠣᠷᠣᠯᠴᠠᠭᠰᠠᠨ ᠬᠤᠳᠠᠯᠳᠤᠭᠠᠴᠢᠨ 20 ᠭᠠᠷᠤᠶ ᠪᠣᠯᠵᠣ᠂ ᠢᠳᠡᠰᠢᠨ ᠨᠣᠭᠤᠭ᠎ᠠ ᠵᠢᠮᠢᠰ᠂ ᠡᠳᠦᠷ ᠲᠤᠲᠤᠮ ᠤᠨ ᠬᠤᠪᠴᠠᠰᠤ ᠬᠤᠨᠠᠷ᠂ ᠬᠥᠮᠦᠵᠢᠯ ᠪᠣᠯᠪᠠᠰᠤᠷᠠᠭᠤᠯᠤᠯ᠂ ᠴᠢᠮᠡᠭᠡ ᠬᠤᠯᠪᠤᠭ᠎ᠠ ᠰᠦᠯᠵᠢᠶ᠎ᠡ᠂ ᠰᠢᠭᠤᠳ ᠨᠡᠪᠲᠡᠷᠡᠭᠦᠯᠭᠡ ᠤᠬᠤᠷ ᠸᠢᠳᠢᠤ᠋ ᠵᠡᠷᠭᠡ ᠠᠵᠢᠯ ᠲᠥᠷᠥᠯ ᠢ ᠬᠠᠮᠤᠷᠴᠠᠶ᠃ ᠠᠵᠢᠯᠯᠠᠭ᠎ᠠ ᠶᠢᠨ ᠲᠤᠬᠠᠶ ᠶᠢᠨ ᠡᠳᠦᠷ ᠤᠨ ᠠᠷᠠᠯᠵᠢᠶ᠎ᠠ ᠪᠦᠳᠦᠭᠰᠡᠨ ᠬᠡᠮᠵᠢᠶ᠎ᠡ 24.9 ᠲᠦᠮᠡᠨ ᠲᠥᠭᠦᠷᠢᠭ ᠲᠤ ᠬᠦᠷᠴᠦ᠂ ᠵᠠᠬᠢᠶᠠᠯᠠᠭ᠎ᠠ ᠶᠢᠨ ᠲᠤᠭ᠎ᠠ 1873  ᠬᠤᠪᠢ ᠪᠤᠯᠵᠠᠢ᠃ ︵ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ︶    
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号