ᠬᠥᠨᠳᠡᠯᠡᠨ ᠲᠣᠭᠤᠷᠢᠭ ᠤᠨ ᠬᠦᠨᠳᠡᠯᠡᠨ ᠭᠤᠤᠯ ᠤᠨ ᠳᠣᠣᠷᠠᠳᠤ ᠤᠷᠤᠰᠬᠠᠯ ᠤᠨ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/27
    6 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠭᠤᠤᠯ ᠮᠥᠷᠡᠨ ᠨᠠᠭᠤᠷ ᠪᠦᠷᠢᠳᠤ ᠶᠢᠨ ᠨᠢᠭᠡᠳᠦᠭᠡᠷ ᠶᠡᠷᠦᠩᠬᠡᠶ ᠳᠠᠷᠤᠭ᠎ᠠ ᠶᠢᠨ ᠶᠦᠩ ᠯᠢ ᠬᠥᠨᠳᠡᠯᠡᠨ ᠲᠣᠭᠤᠷᠢᠭ ᠤᠨ ᠬᠦᠨᠳᠡᠯᠡᠨ ᠭᠤᠤᠯ ᠤᠨ ᠳᠤᠤᠷᠠᠳᠤ ᠤᠷᠤᠰᠬᠠᠯ ᠤᠨ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠲᠤᠭᠤᠷᠢᠭ ᠤᠨ ᠤᠳᠤᠷᠢᠳᠤᠯᠭ᠎ᠠ ᠲᠢᠶᠠᠨ ᠬᠤᠩ ᠴᠧᠩ᠂ ᠵᠠᠩ ᠶᠢᠨ ᠵᠦᠩ᠂ ᠯᠢ ᠴᠠᠩ ᠮᠤᠤ ᠬᠤᠷᠠᠯ ᠳᠤ ᠣᠷᠣᠯᠴᠠᠪᠠ᠃  ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠲᠤᠭᠤᠷᠢᠭ ᠤᠨ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
   ᠬᠤᠷᠠᠯ ᠳᠡᠭᠡᠷ᠎ᠡ᠂ ᠲᠤᠭᠤᠷᠢᠭ ᠤᠨ ᠳᠡᠳ᠋ ᠳᠠᠷᠤᠭ᠎ᠠ ᠯᠢ ᠴᠠᠩ ᠮᠤᠤ ᠪᠤᠭᠤᠲᠤ ᠬᠤᠲᠠ ᠶᠢᠨ ︽ᠬᠥᠨᠳᠡᠯᠡᠨ ᠭᠤᠤᠯ ᠤᠨ ᠳᠤᠤᠷᠠᠳᠤ ᠤᠷᠤᠰᠬᠠᠯ ᠤᠨ ᠭᠤᠤᠯ ᠤᠨ ᠵᠠᠮ ᠢ ᠵᠠᠰᠠᠬᠤ ᠲᠥᠰᠦᠯ︾᠂ ᠬᠥᠨᠳᠡᠯᠡᠨ ᠲᠣᠭᠤᠷᠢᠭ ᠤᠨ ᠬᠥᠨᠳᠡᠯᠡᠨ ᠭᠤᠤᠯ ᠤᠨ ᠳᠤᠤᠷᠠᠳᠤ ᠤᠷᠤᠰᠬᠠᠯ ᠤᠨ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠩᠰᠢᠨ ᠨᠡᠶᠢᠲᠡᠯᠡᠪᠡ᠃    ᠶᠢᠨ ᠶᠦᠩ ᠯᠢ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠬᠥᠨᠳᠡᠯᠡᠨ ᠭᠤᠣᠯ ᠤᠨ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠭᠤᠣᠯ ᠮᠥᠷᠡᠨ ᠨᠠᠭᠤᠷ ᠪᠦᠷᠢᠳᠤ ᠶᠢᠨ ᠨᠢᠭᠡᠳᠦᠭᠡᠷ ᠶᠡᠷᠦᠩᠬᠡᠢ ᠳᠠᠷᠤᠭ᠎ᠠ  ᠮᠧᠩ  ᠹᠠᠨ ᠯᠢ ᠶᠢᠨ ᠬᠥᠨᠳᠡᠯᠡᠨ ᠭᠤᠣᠯ ᠤᠨ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠨᠳᠡᠯᠡᠨ ᠭᠤᠣᠯ ᠤᠨ ᠳᠤᠤᠷᠠᠳᠤ ᠤᠷᠤᠰᠬᠠᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠵᠤ᠂ ᠬᠦᠨᠳᠡᠯᠡᠨ ᠭᠤᠣᠯ ᠤᠨ ᠤᠰᠤᠨ ᠤ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠠᠷᠦ᠋ᠢᠬᠠᠨ ᠬᠥᠳᠡᠯᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠡᠬᠦᠷᠬᠡᠯᠡᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠪᠠᠷᠢᠮᠵᠢᠶᠠᠯᠠᠨ ᠬᠠᠷᠭᠤᠭᠤᠯᠵᠤ᠂ ᠲᠦᠯᠦᠪᠯᠡᠭᠡ ᠲᠤᠬᠳᠠᠭᠠᠨ ᠪᠠᠶᠢᠯᠳᠤᠵᠤ᠂ ᠬᠠᠮᠤᠭ ᠤᠨ ᠲᠦᠷᠭᠡᠨ ᠬᠤᠷᠳᠤᠴᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠭᠤᠤᠯ ᠤᠨ ᠵᠠᠮ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ ᠠᠮᠢ ᠠᠬᠤᠶ ᠶᠢᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠮᠵᠢᠯᠴᠠᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠬᠢᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠭᠠᠵᠠᠷ ᠳᠡᠭᠡᠷᠡᠬᠢ ᠶᠢᠨ ᠲᠠᠳᠠᠪᠤᠷᠢᠯᠠᠬᠤ ᠨᠤᠷᠠᠭᠠᠵᠤ ᠨᠡᠭᠦᠯᠭᠡᠬᠦ᠂ ᠪᠠᠯᠠ ᠮᠥᠩᠭᠦ ᠶᠢ ᠲᠠᠮᠡᠴᠡᠨ ᠤᠯᠬᠤ᠂ ᠭᠤᠤᠯ ᠮᠥᠷᠡᠨ ᠤ ᠬᠤᠶᠠᠷ ᠡᠷᠭᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠶᠠᠷᠢᠶ᠎ᠠ ᠬᠡᠯᠡᠯᠴᠡᠭᠡ ᠤᠬᠠᠭᠤᠯᠭ᠎ᠠ ᠪᠠᠷ ᠬᠥᠲᠥᠯᠥᠨ ᠵᠢᠯᠣᠭᠤᠳᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠮᠠᠨ ᠤ ᠲᠤᠭᠤᠷᠢᠭ ᠤᠨ ᠬᠠᠷᠢᠶ᠎ᠠ ᠣᠷᠣᠨ   ᠳᠠᠬᠢ ᠬᠦᠨᠳᠡᠯᠡᠨ ᠭᠤᠤᠯ ᠤᠨ ᠵᠠᠮ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠠᠷᠢᠮᠵᠢᠶ᠎ᠠ ᠳᠤ ᠬᠦᠷᠭᠡᠬᠦ᠂ ᠣᠷᠳᠣ ᠬᠤᠭᠤᠴᠠᠭ᠎ᠠ ᠪᠠᠷ ᠵᠠᠰᠠᠵᠤ ᠣᠷᠳᠣ ᠬᠤᠭᠤᠴᠠᠭ᠎ᠠ ᠪᠠᠷ ᠴᠡᠪᠡᠷᠯᠡᠬᠦ ᠶᠢ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠵᠠᠢ᠃ ︵ᠰᠤᠷᠪᠤᠯᠵᠢᠯᠠᠭᠴᠢ᠄ ᠯᠸᠢ ᠶᠤᠸᠠᠨ ᠶᠤᠸᠠᠨ᠂ ᠵᠠᠩ ᠯᠸᠢ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号