ᠳ᠋ᠢᠩ ᠺᠠᠶ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠳᠠᠬᠢᠨ ᠪᠠᠶᠢᠴᠠᠭᠠᠯᠳᠠ  ᠶᠢ ᠤᠬᠳᠤᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/3
    6 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠳ᠋ᠢᠩ ᠺᠠᠶ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠳᠦᠨ ᠪᠠᠶᠢᠭᠤᠯᠬᠤ ᠳᠠᠬᠢᠨ ᠪᠠᠶᠢᠴᠠᠭᠠᠯᠳᠠ  ᠶᠢ ᠤᠬᠳᠤᠬᠤ ᠠᠵᠢᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠳᠡᠳ᠋ ᠳᠠᠷᠤᠭ᠎ᠠ ᠯᠢ ᠴᠠᠩ ᠮᠤᠤ᠂ ᠲᠤᠭᠤᠷᠢᠭ  ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠤᠤ ᠲᠠᠢ ᠰᠢᠶᠠᠨ ᠪᠠᠷ᠎ᠠ ᠪᠤᠯᠵᠦ ᠪᠠᠶᠢᠴᠠᠭᠠᠨ ᠰᠤᠳᠤᠯᠵᠡᠢ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠬᠡᠬᠡᠨ ᠤ ᠵᠥᠪᠯᠡᠯ ᠤᠨ ᠠᠯᠪᠠᠨ ᠬᠡᠷ᠂ ᠬᠦᠨᠳᠡᠯᠡᠨ ᠪᠠᠯᠭᠠᠰᠤ᠂ ᠬᠦᠨᠳᠡᠯᠡᠨ ᠬᠤᠶᠢᠳᠤ ᠲᠤᠭᠤᠷᠢᠭ ᠤᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠵᠢᠶᠠ ᠡᠯ ᠪᠠ ᠲᠠᠷᠢᠶᠠᠯᠠᠩ ᠤᠨ ᠪᠦᠳᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ᠂ ᠳ᠋ᠢᠩ ᠺᠠᠶ ᠬᠤᠳᠠᠯᠳᠤᠭᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠵᠠᠬ᠎ᠠ ᠳᠡᠯᠭᠡᠭᠦᠷ ᠤᠨ ᠵᠢᠭᠦᠷᠲᠡᠨ ᠢ ᠠᠯᠠᠵᠤ ᠨᠢᠲᠤᠯᠬᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠤᠨᠤᠭ ᠲᠥᠬᠦᠭᠡᠷᠦᠮᠵᠢ ᠶᠢ ᠢᠵᠢ  ᠪᠦᠷᠢᠳᠦᠬᠦᠯᠦᠭᠰᠡᠨ ᠪᠠᠶᠢᠳᠠᠯ᠂ ᠡᠷᠡᠭᠦᠯ ᠮᠡᠨᠳᠦ ᠶᠢᠨ ᠬᠥᠮᠦᠵᠢᠯ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ  ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠤᠰᠬᠠᠶᠢᠵᠢᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠠᠮᠤᠷ ᠲᠦᠪᠰᠢᠨ᠂ ᠡᠷᠡᠭᠦᠯ ᠬᠠᠮᠠᠭᠠᠯᠠᠯ ᠰᠠᠶᠢᠨ᠂ ᠪᠣᠯᠪᠠᠰᠤᠨ᠂ ᠠᠷᠢᠭᠤᠨ ᠴᠡᠪᠡᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠤᠤᠯ ᠤᠨ ᠬᠢᠮᠢ ᠶᠢᠨ ᠦᠢᠯᠡᠳᠪᠦᠷᠢ ᠶᠢᠨ ᠬᠦᠷᠢᠶᠡᠨ ᠳᠤ᠂ ᠳ᠋ᠢᠩ ᠺᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠭᠰᠠᠨ ᠪᠥᠭᠡᠳ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠪᠠᠷᠢᠯᠭ᠎ᠠ ᠶᠢᠨ ᠬᠤᠭ ᠨᠣᠪᠰᠢ᠂ ᠪᠢᠳᠡᠬᠦᠮᠵᠢᠯᠡᠯ ᠪᠦᠲᠡᠭᠡᠯᠭᠡ ᠨᠢ ᠴᠢᠩᠭ᠎ᠠ ᠪᠢᠰᠢ ᠵᠡᠷᠭᠡ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠲᠡᠷᠡ᠂ ᠠᠰᠠᠭᠤᠳᠠᠯ ᠢ ᠴᠢᠩᠭ᠎ᠠ ᠠᠳᠬᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠭᠤᠤᠯᠳᠠᠯᠭ᠎ᠠ ᠲᠠᠢ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠲᠥᠷᠥᠯ ᠬᠤᠪᠢᠶᠠᠨ ᠵᠢᠷᠤᠮᠵᠢᠭᠤᠯᠬᠤ᠂ ᠰᠢᠯᠤᠭᠤᠳᠬᠠᠬᠤ ᠪᠠ ᠨᠦᠬᠦᠪᠦᠷᠢᠯᠡᠬᠦ ᠶᠢ ᠤᠶᠠᠯᠳᠤᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠬᠦᠴᠢᠷ ᠠᠰᠠᠭᠤᠳᠠᠯ︾᠂ ︽ᠲᠦᠪᠡᠭ ᠠᠰᠠᠭᠤᠳᠠᠯ︾ ᠢ ᠬᠦᠴᠦᠯᠡᠨ ᠰᠢᠢᠳᠪᠦᠷᠢᠯᠡᠵᠤ᠂ ᠬᠤᠲᠠ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠴᠢᠶᠠᠨ ᠺᠧᠦ ᠽᠢ ᠲᠣᠰᠬᠤᠨ ᠤ 110 ᠤᠯᠤᠰ ᠤᠨ ᠵᠠᠮ ᠳᠠᠭᠠᠤ᠂ ᠬᠦᠨᠳᠡᠯᠡᠨ ᠭᠤᠤᠯ ᠪᠠᠷᠠᠭᠤᠨ ᠵᠠᠮ ᠤᠨ ᠱᠤᠭᠤᠮ ᠳᠠᠭᠠᠤ᠂ ᠾᠧ ᠫᠢᠩ ᠲᠣᠰᠬᠤᠨ ᠤ ᠬᠤᠶᠠᠳᠤᠭᠠᠷ ᠲᠤᠭᠤᠶᠢᠯᠠᠩ ᠳᠤ᠂ ᠳ᠋ᠢᠩ ᠺᠠᠶ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠠᠷᠢᠯᠭ᠎ᠠ ᠶᠢᠨ ᠬᠤᠭ ᠨᠣᠪᠰᠢ᠂ ᠬᠠᠰᠢᠯᠭ᠎ᠠ᠂ ᠭᠤᠤᠯ ᠤᠨ ᠬᠤᠩᠭᠢᠯ ᠤᠨ ᠬᠤᠭ ᠨᠣᠪᠰᠢ᠂ ᠵᠠᠳᠠᠭᠠᠢ ᠵᠣᠷᠯᠣᠩ᠂ ᠶᠡᠭᠡ ᠬᠦᠷᠢᠶ᠎ᠡ ᠬᠠᠰᠢᠶ᠎ᠠ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢᠨ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠳ᠋ᠢᠩ ᠺᠠᠶ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠶ ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠶᠢᠨ ᠳᠤᠮᠳᠠᠬᠢ ᠲᠣᠰᠬᠤᠨ᠂ ᠵᠠᠮ ᠭᠤᠤᠯ ᠮᠥᠷᠡᠨ ᠳᠠᠭᠠᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠬᠤᠭ ᠨᠣᠪᠰᠢ ᠶᠢ ᠴᠡᠪᠡᠷᠯᠡᠬᠦ᠂ ᠲᠤᠭᠳᠠᠭᠠᠯ ᠠᠴᠠ ᠵᠥᠷᠢᠴᠡᠨ  ᠪᠠᠶᠢᠭᠤᠯᠤᠬᠰᠠᠨ ᠪᠠᠷᠢᠯᠭ᠎ᠠ ᠶᠢ ᠨᠤᠷᠠᠭᠠᠨ ᠨᠡᠬᠦᠯᠬᠡᠬᠦ᠂ ᠵᠠᠳᠠᠭᠠᠢ ᠵᠣᠷᠯᠣᠩ ᠢ ᠥᠭᠡᠷᠡᠴᠢᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠢᠭᠤᠨ ᠴᠡᠪᠡᠷ  ᠲᠠᠷᠢ ᠲᠡᠭᠰᠢ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠣᠯᠠᠨ ᠲᠦᠮᠡᠨ ᠤ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ︵ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ    ᠵᠠᠩ ᠴᠢ ᠶᠦᠨ᠂ ᠬᠤᠤ ᠸᠧᠢ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号