ᠯᠢᠶᠠᠨ ᠳ᠋ᠦᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/3
    6 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠶᠠᠨ ᠳ᠋ᠦᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂  ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠪᠠᠶ ᠷᠦᠨ ᠬᠤᠩ ᠪᠠᠷ᠎ᠠ ᠪᠣᠯᠵᠣ ᠪᠠᠶᠢᠴᠠᠭᠠᠨ ᠰᠤᠳᠤᠯᠪᠠ᠃        ᠯᠢᠶᠠᠨ ᠳ᠋ᠦᠩ ᠨᠡᠷ ᠤᠷᠢᠳ ᠬᠤᠵᠢᠳ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠷᠠᠳ ᠵᠡᠭᠡᠯᠢ ᠭᠤᠳᠤᠮᠵᠢ ᠶᠢᠨ ᠵᠠᠯᠠᠭᠤᠴᠤᠤᠳ ᠲᠤᠯᠤᠭ᠎ᠠ ᠳ᠋ᠤᠭᠠᠷ ᠨᠤᠮᠧᠷᠳᠤ ᠬᠡᠷ ᠬᠤᠷᠢᠶᠠᠯᠠᠯ᠂ ᠪᠣᠯᠣᠳ ᠲᠡᠮᠦᠷ ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠦᠷᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ︾ ᠦᠢᠯᠡᠳᠦᠯᠬᠡ ᠶᠢᠨ ᠠᠵᠢᠯᠯᠠᠭ᠎ᠠ ᠶᠢ ᠦᠷᠨᠢᠬᠦᠯᠵᠤ ᠪᠠᠶᠢᠭ᠎ᠠ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠭᠦᠨᠵᠡᠭᠡᠶ ᠪᠠᠶᠢᠴᠠᠭᠠᠨ ᠰᠤᠳᠤᠯᠤᠭᠰᠠᠨ ᠪᠥᠭᠡᠳ ᠠᠵᠢᠯ ᠢᠶᠠᠨ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠪᠠ᠃      ᠯᠢᠶᠠᠨ ᠳ᠋ᠦᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠪᠦᠬᠦ ᠵᠢᠯ ᠳᠤ   ᠲᠤᠭᠤᠰᠢᠯᠠᠬᠳᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠯ᠎ᠡ ᠰᠠᠯᠠᠭ᠎ᠠ ᠮᠥᠴᠢᠷ᠂ ᠡᠯ᠎ᠡ  ᠨᠢᠬᠡᠴᠡ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠴᠢᠨᠠᠭᠰᠢᠳᠠ ᠲᠡᠭᠡᠭᠰᠢᠯᠡᠬᠦᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠤᠯᠴᠠᠨ ᠣᠶᠢᠯᠠᠭᠠᠵᠤ ᠨᠡᠪᠳᠡᠷᠡᠳᠡᠯ᠎ᠡ ᠮᠡᠳᠡᠬᠦ᠂ ᠤᠶᠤᠨ ᠲᠠᠷᠢᠬᠢᠨ ᠳᠠᠭᠠᠨ ᠬᠠᠳᠠᠩᠰᠢᠭᠤᠯᠬᠤ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠮ ᠤᠨ ᠲᠡᠦᠬᠡ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠵᠢᠳᠬᠦᠯ ᠴᠢᠷᠮᠠᠶᠢᠯᠭ᠎ᠠ ᠭᠠᠷᠭᠠᠵᠤ ᠰᠢᠨ᠎ᠡ ᠪᠠᠶᠢᠳᠠᠯ ᠢ ᠡᠭᠦᠳᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠦᠨᠳᠦᠰᠦᠨ ᠱᠠᠲᠤᠨ ᠤ ᠵᠠᠰᠠᠯᠲᠠ᠂ ᠠᠷᠠᠳ ᠲᠦᠮᠡᠨ ᠳᠤ ᠦᠢᠯᠡᠴᠢᠯᠡᠵᠦ ᠪᠣᠳᠠᠲᠤ ᠶᠠᠪᠤᠳᠠᠯ  ᠬᠢᠵᠤ ᠦᠭᠬᠦ ᠲᠠᠢ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ᠂ ᠦᠢᠯᠡᠳᠪᠦᠷᠢᠯᠡᠯ ᠠᠮᠢᠳᠤᠷᠠᠯ ᠢ ᠨᠢ ᠨᠥᠯᠥᠭᠡᠯᠡᠵᠦ ᠪᠠᠶᠢᠭ᠎ᠠ ︽ᠵᠠᠩᠭᠢᠯᠠᠭ᠎ᠠ ᠶᠢᠨ ᠵᠢᠵᠢᠭ ᠶᠠᠪᠤᠳᠠᠯ︾ ᠢ ᠠᠳᠬᠤᠵᠤ᠂ ᠤᠯᠠᠨ ᠲᠦᠮᠡᠨ ᠤ ︽ᠪᠠᠴᠢᠮ ᠲᠤᠯᠭᠠᠮ ᠱᠠᠭᠠᠷᠳᠠᠵᠤ ᠪᠠᠶᠢᠬᠤ᠂ ᠬᠦᠴᠢᠷᠳᠡᠵᠤ ᠪᠠᠶᠢᠬᠤ᠂ ᠬᠦᠰᠡᠨ ᠪᠠᠷᠠᠯᠠᠵᠤ ᠪᠠᠶᠢᠬᠤ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠰᠡᠯ ᠪᠠᠷᠠᠯᠠᠯ ᠳᠤ ᠬᠠᠷᠢᠭᠤᠯᠲᠠ ᠥᠭᠴᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠬᠡᠵᠤ ᠴᠢᠬᠤᠯᠠᠴᠢᠯᠠᠵᠠᠢ᠃     ᠯᠢᠶᠠᠨ ᠳ᠋ᠦᠩ᠂  ᠨᠠᠮ ᠤᠨ  ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠡᠯᠪᠡᠭ ᠪᠠᠶᠠᠯᠢᠭ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠪᠠᠭᠰᠢ ᠰᠤᠷᠤᠭᠴᠢᠳ ᠤᠨ ᠲᠤᠮᠳᠠ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ᠂ ᠦᠨᠳᠦᠰᠦᠨ ᠪᠠᠶᠢᠳᠠᠯ ᠢ ᠣᠶᠢᠯᠠᠭᠠᠬᠤ᠂ ᠳᠠᠩᠰᠠᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠠᠵᠢᠯ ᠤᠨ ᠡᠬᠡ ᠲᠠᠩᠰᠠ   ᠶᠢ ᠪᠠᠶᠢᠭᠤᠯᠵᠤ᠂ ᠲᠠᠷᠢᠯᠭ᠎ᠠ ᠬᠢᠭᠰᠡᠨ ᠥᠬᠡᠶ ᠬᠥᠮᠦᠰ ᠤᠨ ᠪᠠᠶᠢᠳᠠᠯ ᠢ ᠡᠵᠡᠮᠰᠢᠵᠦ᠂ ᠲᠠᠷᠢᠯᠭ᠎ᠠ ᠬᠢᠪᠠᠯ ᠵᠣᠬᠢᠬᠤ ᠬᠥᠮᠦᠰ ᠢ ᠪᠦᠬᠦᠨ ᠢ ᠳᠠᠶᠢᠴᠢᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠸᠠᠺᠼᠢᠨ ᠤ ᠲᠠᠷᠢᠯᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ︵ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ    ᠶᠠᠨ ᠢ ᠫᠸᠢ᠂ ᠵᠠᠩ ᠯᠸᠢ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号