ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠢ ᠬᠠᠯᠠᠮᠵᠢᠯᠠᠵᠤ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠬᠥᠨᠳᠡᠯᠡᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠳᠠᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/6/5
     6 ᠰᠠᠷ᠎ᠠ ᠶᠢᠨ 2 ᠤᠨ ᠡᠳᠦᠷ᠂ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ︽ᠠᠵᠢᠯᠴᠢᠨ ᠤ ᠡᠪᠯᠡᠯ ᠲᠦᠮᠡᠨ ᠡᠷᠦᠬᠡ ᠪᠠᠷ ᠬᠦᠨᠵᠡᠬᠡᠶᠢᠷᠡᠬᠦ︾ ᠰᠤᠷᠪᠤᠯᠵᠢᠯᠠᠵᠤ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠪᠡ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠺᠦᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠵᠠᠷᠤᠳᠠᠯ ᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠠᠯᠪᠠᠨ ᠭᠡᠷ ᠤᠨ ᠡᠷᠬᠢᠯᠡᠭᠴᠢ ᠶᠢᠨ ᠱᠣ᠋ ᠾᠧᠩ ᠨᠡᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠴᠢᠶᠠᠨ ᠶᠢᠨ᠂ ᠲᠣᠭᠤᠷᠢᠭ ᠤᠨ ᠳᠡᠳ᠋ ᠳᠠᠷᠤᠭ᠎ᠠ ᠯᠢ ᠴᠠᠩ ᠮᠤᠤ ᠵᠢᠴᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠳᠤᠤᠷ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠸᠠᠺᠼᠢᠨ ᠤ ᠲᠠᠷᠢᠯᠭ᠎ᠠ ᠶᠢᠨ ᠴᠡᠭ ᠲᠤ ᠢᠷᠠᠵᠤ ᠡᠮᠦᠨ᠎ᠡ ᠹᠷᠣᠨᠲ ᠲᠤ ᠲᠡᠮᠡᠴᠡᠵᠦ ᠪᠠᠶᠢᠭ᠎ᠠ ᠡᠮᠴᠢ ᠰᠤᠪᠢᠯᠠᠭᠴᠢᠳ ᠢ ᠪᠤᠯᠭᠤᠭᠠᠨ ᠲᠤᠬᠤᠨᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢᠯᠠᠯ ᠢ ᠬᠦᠷᠬᠡᠵᠡᠢ᠃     ︽ᠣᠳᠣᠬᠠᠨ ᠤ ᠸᠠᠺᠼᠢᠨ ᠤ ᠲᠠᠷᠢᠯᠭ᠎ᠠ ᠶᠢᠨ ᠶᠡᠷᠦᠩᠬᠡᠢ ᠪᠠᠶᠢᠳᠠᠯ ᠶᠠᠮᠠᠷ ᠪᠠᠶᠢᠨ᠎ᠠ︖  ︾  ᠂ ︽ᠸᠠᠺᠼᠢᠨ ᠤ ᠬᠠᠩᠭᠠᠯᠭ᠎ᠠ ᠳᠤ ᠠᠰᠠᠭᠤᠳᠠᠯ ᠤᠷᠤᠰᠢᠵᠤ ᠪᠡᠶᠢᠨ᠎ᠡ ᠤᠤ᠂  ᠦᠬᠡᠢ ᠤᠤ︖︾᠂ ︽ᠡᠳᠦᠷ ᠪᠦᠷᠢ ᠬᠡᠳᠦᠶ ᠬᠥᠮᠦᠨ ᠵᠢᠵᠢᠭᠦᠷᠯᠡᠵᠦ ᠪᠠᠢᠬᠤ ᠪᠣᠶ︖︾᠂ ︽ᠲᠠ ᠨᠠᠷ ᠤᠨ ᠠᠵᠢᠯ ᠢ ᠡᠬᠡᠯᠵᠢᠯᠡᠬᠦᠯᠦᠨ ᠲᠤᠬᠢᠷᠠᠭᠤᠯᠵᠤ ᠪᠠᠶᠢᠬᠤ ᠪᠠᠶᠢᠳᠠᠯ ᠶᠠᠮᠠᠷ ᠵᠡᠷᠭᠡ ᠪᠣᠶ︖︾ ᠸᠠᠺᠼᠢᠨ ᠤ ᠲᠠᠷᠢᠯᠭ᠎ᠠ ᠬᠢᠬᠦ ᠴᠡᠭ ᠲᠤ ᠬᠦᠷᠦᠮᠡᠭᠴᠡ᠂ ᠸᠠᠩ ᠺᠦᠨ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠵᠤ᠂ ᠸᠠᠺᠼᠢᠨ ᠤ ᠲᠠᠷᠢᠯᠭ᠎ᠠ ᠬᠢᠬᠦ ᠴᠡᠭ ᠤᠨ ᠠᠵᠢᠯ ᠤᠨ ᠪᠠᠶᠢᠳᠠᠯ ᠵᠢᠴᠢ ᠠᠵᠢᠯᠲᠠᠨ ᠠᠵᠢᠯᠴᠢᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃     ᠣᠶᠢᠯᠠᠭᠠᠭᠰᠠᠨ ᠢᠶᠠᠷ᠂ ᠣᠳᠣᠬᠠᠨ ᠳᠤ᠂ ᠬᠥᠨᠳᠡᠯᠡᠨ ᠲᠣᠭᠤᠷᠢᠭ ᠲᠤ ᠲᠦᠷ ᠴᠠᠭ ᠤᠨ ᠲᠠᠷᠢᠯᠭ᠎ᠠ ᠬᠢᠬᠦ ᠴᠡᠭ 5 ᠪᠠᠶᠢᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠪᠣᠯ 5 ᠰᠠᠷ᠎ᠠ ᠶᠢᠨ 25 ᠤ ᠡᠳᠦᠷ ᠰᠢᠨ᠎ᠡ ᠪᠠᠷ ᠨᠡᠮᠡᠭᠰᠡᠨ ᠲᠦᠷ ᠴᠠᠭ ᠤᠨ ᠲᠠᠷᠢᠯᠭ᠎ᠠ ᠬᠢᠬᠦ ᠴᠡᠭ ᠪᠣᠯᠤᠨ᠎ᠠ᠂ ᠵᠢᠷᠭᠤᠭᠠᠨ ᠬᠤᠪᠢᠶᠠᠷᠢ ᠲᠣᠭᠤᠷᠢᠭ ᠲᠤᠬᠳᠠᠭᠠᠵᠤ᠂ ᠬᠤᠶᠠᠷ ᠨᠡᠪᠳᠡᠷᠡᠬᠦ ᠵᠠᠮ ᠭᠠᠷᠭᠠᠵᠤ᠂ ᠨᠡᠶᠢᠲᠡ 40 ᠲᠠᠷᠢᠯᠭ᠎ᠠ ᠬᠢᠬᠦ ᠲᠠᠶᠢᠰᠠ ᠭᠠᠷᠭᠠᠵᠤ᠂ 30 ᠳᠠᠩᠰᠠᠯᠠᠬᠤ ᠴᠤᠩᠬᠤᠪᠴᠢ ᠶᠢ  ᠲᠤᠬᠢᠷᠠᠭᠤᠯᠵᠤ᠂ ᠴᠠᠭ ᠪᠦᠷᠢ 800 ᠠᠴᠠ ᠳᠡᠭᠡᠭᠰᠢ ᠬᠥᠮᠦᠨ ︵ᠤᠳᠠᠭ᠎ᠠ︶  ᠳᠤ ᠲᠠᠷᠢᠯᠭ᠎ᠠ ᠲᠠᠷᠢᠵᠤ᠂ ᠡᠳᠦᠷ ᠪᠦᠷᠢ ᠶᠢᠨ ᠬᠠᠮᠤᠭ ᠤᠨ ᠶᠡᠭᠡ ᠲᠠᠷᠢᠯᠭ᠎ᠠ ᠬᠢᠬᠦ ᠬᠡᠮᠵᠢᠶ᠎ᠡ ᠨᠢ 10000 ᠬᠥᠮᠦᠨ ᠪᠣᠯᠤᠨ᠎ᠠ᠃      ᠸᠠᠩ ᠺᠦᠨ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠸᠠᠺᠼᠢᠨ ᠤ ᠲᠠᠷᠢᠯᠭ᠎ᠠ ᠬᠢᠬᠦ ᠴᠡᠭ ᠤᠨ ᠡᠮᠴᠢ ᠰᠤᠪᠢᠯᠠᠭᠴᠢ᠂ ᠠᠵᠢᠯᠲᠠᠨ ᠤ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠥᠭᠡᠳ ᠸᠠᠺᠼᠢᠨ ᠤ ᠲᠠᠷᠢᠯᠭ᠎ᠠ ᠬᠢᠬᠦ ᠴᠡᠭ ᠤᠨ ᠠᠵᠢᠯ ᠲᠦᠢᠯ ᠤᠨ ᠴᠢᠬᠤᠯᠠ ᠶᠤᠮ᠂ ᠣᠯᠠᠨ ᠢᠶᠠᠷ ᠢᠶᠠᠨ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠳᠤᠷ ᠬᠢᠵᠤ᠂ ᠠᠵᠢᠯᠯᠠᠵᠤ ᠠᠮᠠᠷᠠᠬᠤ ᠪᠠᠨ ᠵᠤᠬᠢᠰᠳᠠᠢ ᠲᠤᠬᠢᠷᠠᠭᠤᠯᠤᠬᠰᠠᠨ ᠰᠠᠭᠤᠷᠢᠨ ᠳᠡᠭᠡᠷ᠎ᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠰᠠᠶᠢᠲᠤᠷ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠵᠦ᠂ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ  ᠬᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠵᠢᠯᠴᠢᠨ ᠤ ᠡᠪᠯᠡᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠦᠴᠢᠷᠳᠡᠯ ᠪᠠᠶᠢᠪᠠᠯ ᠴᠠᠭ ᠲᠤᠬᠠᠢ ᠳᠤᠨᠢ ᠲᠤᠰᠬᠠᠬᠤ ᠬᠡᠷᠡᠭᠲᠡᠢ᠂ ᠠᠵᠢᠯᠴᠢᠨ ᠤ ᠶᠡᠷᠦᠩᠬᠡᠢ ᠡᠪᠯᠡᠯ ᠡᠨᠡ ᠬᠦ ︽ᠲᠥᠷᠬᠦᠮ ᠤᠨ ᠬᠥᠮᠦᠨ︾  ᠢᠮᠠᠭᠲᠠ ᠤᠯᠠᠨ ᠤ ᠬᠠᠮᠤᠭ ᠤᠨ ᠪᠠᠲᠤ ᠲᠦᠰᠢᠭ ᠪᠣᠯᠬᠤ ᠬᠡᠷᠡᠭᠲᠡᠢ ᠭᠡᠵᠦ ᠵᠠᠬᠢᠪᠠ᠃ ᠸᠠᠺᠼᠢᠨ ᠤ ᠲᠠᠷᠢᠯᠭ᠎ᠠ ᠬᠢᠬᠦ ᠴᠡᠭ ᠤᠨ ᠠᠵᠢᠯᠲᠠᠳ᠄ ︽ᠠᠵᠢᠯᠴᠢᠨ ᠤ ᠡᠪᠯᠡᠯ ᠤᠨ ᠤᠳᠤᠷᠢᠳᠤᠯᠭ᠎ᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠨ᠂ ᠬᠥᠳᠡᠯᠮᠦᠷᠢᠴᠢᠨ ᠪᠣᠯᠤᠭᠰᠠᠨ ᠤ ᠬᠤᠪᠢ ᠳᠤ᠂ ᠥᠩᠭᠡᠷᠡᠭᠰᠡᠨ ᠲᠠᠢ ᠪᠠᠨ ᠠᠳᠠᠯᠢ ᠪᠠᠷ ᠡᠮ ᠡᠮᠨᠡᠯᠬᠡ ᠶᠢᠨ ᠲᠤᠰᠬᠠᠶ ᠮᠡᠷᠭᠡᠵᠢᠯ ᠪᠠ ᠰᠢᠯᠢᠳᠡᠭ ᠰᠠᠶᠢᠨ ᠦᠢᠯᠡᠴᠢᠯᠡᠭᠡ ᠪᠠᠷ ᠸᠠᠺᠼᠢᠨ ᠤ ᠲᠠᠷᠢᠯᠭ᠎ᠠ ᠬᠢᠬᠦ ᠠᠵᠢᠯ ᠢ ᠪᠡᠶᠡᠯᠡᠬᠦᠯᠦᠨ᠎ᠡ︾ ᠬᠡᠵᠤ ᠢᠯᠡᠷᠬᠡᠶᠢᠯᠡᠵᠡᠬᠡᠪᠡ᠃     ︵ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号