ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠲᠠᠮᠵᠢᠬᠦ ᠳᠣᠲᠣᠭᠠᠳᠤ ᠬᠡᠷᠡᠭᠴᠡᠭᠡ ᠶᠢ ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠤᠨ ᠲᠤᠭᠤᠷᠢᠨ ᠳᠤ ᠠᠰᠠᠭᠤᠳᠠᠯ ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/7/22
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠶᠢ ᠪᠠᠲᠤᠯᠠᠬᠤ ᠶᠢᠨ ᠲᠤᠯᠠᠳᠠ᠂ ᠲᠥᠷᠥ ᠶᠢᠨ ᠶᠠᠪᠤᠳᠠᠯ ᠤᠨ ᠬᠤᠷᠢᠶ᠎ᠠ 8 ᠰᠠᠷ᠎ᠠ ᠶᠢᠨ ᠬᠤᠷᠢᠳ ᠠᠴᠠ 9 ᠰᠠᠷ᠎ᠠ ᠶᠢᠨ ᠠᠷᠪᠠᠳ ᠪᠣᠯᠲᠠᠯ᠎ᠠ ᠨᠠᠢᠮᠠᠳᠤᠭᠠᠷ ᠤᠳᠠᠭᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠪᠠᠷ ᠪᠤᠢ ᠃ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ︾ ᠲᠠᠪᠴᠠᠩ ᠤᠨ ᠵᠢᠵᠢᠭ ᠫᠷᠤᠭ᠍ᠷᠠᠮ ︵ᠵᠢᠵᠢᠭ ᠫᠷᠤᠭ᠍ᠷᠠᠮ ᠤᠨ ᠮᠡᠷᠭᠡᠨ ᠴᠤᠬᠤᠷ ᠨᠢ ᠳᠤᠤᠷᠠᠬᠢ ᠮᠡᠲᠦ︶ ᠳᠤ ᠭᠠᠷᠴᠤ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠲᠠᠮᠵᠢᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠭᠤᠤᠯᠳᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠭᠤᠷᠮᠠᠭ᠂ ᠦᠡᠭᠭᠡᠪᠴᠢ᠂ ᠳᠤᠲᠠᠭᠤ ᠳᠣᠷᠭᠤᠨ ᠨᠠᠶᠢᠳᠠᠪᠤᠷᠢᠵᠢᠭᠤᠯᠤᠭᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭᠰᠠᠨ᠂ ᠠᠵᠤ ᠠᠬᠤᠶᠢᠯᠠᠯ ᠪᠠ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠬᠤᠷᠢᠭ᠎ᠠ ᠪᠠᠶᠢᠪᠠᠴᠤ ᠵᠤᠬᠰᠤᠬᠤ ᠦᠭᠡᠢ ᠵᠢᠴᠢ ᠠᠵᠢᠯ ᠢᠶᠠᠨ ᠥᠯᠥ ᠬᠢᠬᠦ᠂ ᠠᠵᠢᠯ ᠢᠶᠠᠨ ᠤᠳᠠᠭᠠᠨ ᠬᠢᠬᠦ᠂ ᠳᠤᠷ᠎ᠠ ᠪᠠᠷ ᠢᠶᠠᠨ ᠦᠢᠯᠡᠳᠬᠦ ᠵᠡᠷᠭᠡ ᠲᠠᠯ᠎ᠠ ᠶᠢᠨ ᠠᠰᠠᠭᠤᠳᠠᠯ ᠤᠨ ᠲᠤᠭᠤᠷᠢᠨ ᠳᠤ᠂ ᠤᠯᠠᠨ ᠲᠦᠮᠠᠨ ᠠᠴᠠ ᠰᠦᠪᠡᠭᠴᠢ ᠬᠠᠩᠭᠠᠬᠤ ᠶᠢ ᠪᠠᠶᠠᠷᠯᠠᠨ ᠤᠭᠳᠤᠵᠤ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠲᠠᠯ᠎ᠠ ᠳᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠴᠦ ᠲᠤᠰ ᠲᠠᠪᠴᠠᠩ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠡᠭᠦᠨ ᠤ ᠳᠣᠲᠣᠷᠠᠬᠢ ᠲᠥᠯᠥᠭᠡᠯᠡᠬᠦ ᠴᠢᠨᠠᠷᠲᠠᠶ ᠨᠡᠶᠢᠲᠡᠯᠢᠭ ᠠᠰᠠᠭᠤᠳᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠦᠪᠡᠭᠴᠢ ᠶᠢᠨ ᠲᠠᠭᠠᠤ ᠠᠰᠠᠭᠤᠳᠠᠯ ᠢ ᠮᠦ᠋ᠷᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠭᠤᠷᠪᠠᠨ ᠤ ᠬᠤᠶᠠᠷ ᠠᠴᠠ ᠳᠡᠭᠡᠭᠰᠢᠬᠢ ᠠᠵᠢᠯᠲᠠᠨ ᠭᠤᠷᠪᠠᠨ ᠤ ᠬᠤᠶᠠᠷ ᠠᠴᠠ ᠳᠡᠭᠡᠭᠰᠢᠬᠢ ᠴᠠᠭ ᠢᠶᠠᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ ᠳᠤ ᠬᠡᠷᠡᠭᠯᠡᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠰᠦᠪᠡᠭᠴᠢ ᠴᠤᠭᠯᠠᠭᠤᠯᠬᠤ ᠴᠠᠭ᠄ 2021 ᠣᠨ ᠤ 7 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠪᠠᠷ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠯᠠᠮᠵᠢᠯᠠᠨ ᠳᠡᠮᠵᠢᠬᠦ ᠶᠢ ᠬᠥᠰᠡᠵᠥ ᠪᠠᠶᠢᠨ᠎ᠠ︕                             ᠲᠥᠷᠥ ᠶᠢᠨ ᠶᠠᠪᠤᠳᠠᠯ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ                                       2021 ᠣᠨ ᠤ 7 ᠰᠠᠷ᠎ᠠ ᠶᠢᠨ 16 ᠤ ᠡᠳᠦᠷ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号