ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠦᠭᠴᠤ ᠱᠠᠭᠠᠷᠳᠠᠭᠰᠠᠨ ᠨᠢ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2021/7/23
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠴᠡᠢ᠃       ᠰᠢ ᠶᠢᠨ ᠫᠢᠩ᠂ ᠤᠢᠢᠷ᠎ᠠ ᠶᠢᠨ ᠡᠳᠦᠷ᠂ ᠾᠧᠨᠠᠨ ᠵᠡᠷᠭᠡ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠵᠧᠩᠵᠧᠦ ᠵᠡᠷᠭᠡ ᠬᠤᠳᠠ ᠳᠤ ᠬᠦᠨᠳᠦ ᠨᠣᠴᠢᠲᠠᠢ ᠤᠰᠤᠲᠤᠯ ᠡᠭᠦᠰᠴᠦ᠂ ᠵᠠᠷᠢᠮ ᠭᠤᠣᠯ ᠮᠥᠷᠡᠨ ᠨᠢ ᠲᠦᠭᠰᠢᠬᠦᠷᠢ ᠡᠬᠦᠰᠴᠤ ᠮᠡᠳᠡᠬᠦ ᠤᠰᠤᠨ ᠲᠦᠪᠰᠢᠨ ᠤ ᠬᠡᠮᠵᠢᠶ᠎ᠠ ᠠᠴᠠ ᠳᠠᠪᠠᠵᠤ᠂ ᠵᠠᠷᠢᠮ ᠤᠰᠤᠨ ᠴᠥᠭᠦᠷᠥᠮ ᠤᠨ ᠬᠠᠰᠢᠯᠭ᠎ᠠ ᠰᠠᠳᠠᠷᠠᠵᠦ᠂ ᠬᠡᠰᠡᠭ ᠲᠡᠮᠦᠷ ᠵᠠᠮ ᠤᠨ ᠲᠡᠭᠡᠭᠡᠪᠦᠷᠢ ᠵᠣᠭᠰᠣᠵᠤ᠂ ᠵᠢᠰᠢᠶᠠᠨ ᠤ ᠨᠢᠰᠬᠡᠯ ᠨᠢᠰᠬᠦ ᠪᠠᠨ ᠵᠣᠭᠰᠣᠵᠤ᠂ ᠬᠥᠮᠦᠨ ᠤ ᠦᠬᠦᠯ ᠰᠢᠷᠬᠠᠳᠤᠯ ᠪᠠ ᠡᠳ᠋ ᠬᠦᠷᠦᠩᠭᠡ ᠶᠢᠨ ᠬᠦᠨᠳᠦ ᠨᠤᠴᠢᠳᠠᠢ ᠬᠤᠬᠢᠷᠠᠯ ᠡᠭᠦᠰᠴᠤ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ ᠭᠡᠵᠤ ᠵᠢᠭᠠᠵᠤ ᠭᠠᠷᠭᠠᠪᠠ᠃       ᠰᠢ ᠶᠢᠨ ᠫᠢᠩ ᠣᠳᠣᠬᠠᠨ ᠳᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠤ᠂ ᠡᠮᠦᠨ᠎ᠠ ᠹᠷᠤᠨᠲ ᠲᠤ ᠬᠦᠷᠴᠦ ᠵᠢᠯᠣᠭᠤᠳᠤᠨ᠂ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠨ᠂ ᠭᠠᠮᠰᠢᠭᠳᠠᠭᠰᠠᠨ ᠣᠯᠠᠨ ᠲᠦᠮᠡᠨ ᠢ ᠵᠤᠬᠢᠰᠳᠠᠢ ᠲᠥᠪᠬᠢᠨᠡᠭᠦᠯᠵᠦ᠂ ᠳᠠᠭᠠᠯᠳᠤᠨ ᠡᠭᠦᠰᠬᠦ ᠭᠠᠮᠰᠢᠭ ᠠᠴᠠ ᠴᠢᠩᠭ᠎ᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠣᠷᠣᠨ ᠨᠤᠲᠤᠭ ᠢ ᠢᠳᠡᠪᠬᠢᠲᠡᠢ ᠬᠠᠮᠵᠢᠨ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠢ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠰᠤᠨ ᠠᠰᠢᠬᠯᠠᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠶᠤᠯ ᠭᠠᠮᠰᠢᠭ ᠤᠨ ᠬᠡᠮ ᠰᠣᠭᠤᠭ ᠢ ᠲᠣᠭᠤᠷᠢᠨ ᠪᠠᠶᠢᠴᠠᠭᠠᠵᠤ ᠵᠢᠬᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠷᠣᠭᠠᠨ᠂ ᠲᠠᠶᠢᠹᠧᠩ ᠰᠠᠯᠬᠢ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠲᠡᠳᠭᠦᠵᠤ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭ ᠠᠴᠠ ᠪᠤᠯᠵᠤ ᠲᠠᠬᠢᠨ ᠶᠠᠳᠠᠭᠤᠷᠠᠬᠤ ᠪᠠ ᠶᠡᠭᠡ ᠭᠠᠮᠰᠢᠭ ᠤᠨ ᠳᠠᠷᠠᠭ᠎ᠠ ᠬᠢᠵᠢᠭ ᠶᠡᠭᠡ ᠪᠠᠷ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号