ᠰᠢ ᠶᠢᠨ ᠫᠢᠩ ᠲᠥᠪᠡᠳ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠥ ᠴᠠᠰᠤᠲᠤ ᠥᠨᠳᠦᠷᠯᠢᠭ ᠤᠨ ᠥᠨᠢ ᠤᠳᠠᠭᠠᠨ ᠠᠮᠤᠷ ᠲᠤᠬᠳᠠᠭᠤᠨ ᠪᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2021/7/28
      ᠰᠢᠨᠬᠤᠸᠠ ᠬᠤᠷᠢᠶᠠᠨ ᠤ ᡀᠠᠰᠠ ᠶᠢᠨ 7 ᠰᠠᠷ᠎ᠠ ᠶᠢᠨ 23 ᠤ ᠴᠠᠬᠢᠯᠭᠠᠨ ᠮᠡᠳᠡᠭᠡ  ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠥᠪᠡᠳ ᠲᠤ ᠢᠷᠡᠵᠦ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠨᠠᠮ ᠤᠨ ᠲᠥᠪ ᠬᠤᠷᠢᠶᠠᠨ ᠤ ᠬᠠᠶᠢᠷ᠎ᠠ ᠬᠠᠯᠠᠮᠵᠢ ᠶᠢ ᠬᠦᠷᠭᠡᠪᠡ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠬᠤᠪᠢ ᠪᠠᠷ ᠲᠥᠪᠡᠳ ᠲᠤ ᠬᠦᠷᠴᠤ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ ᠢ ᠪᠡᠯᠭᠡᠯᠡᠭᠰᠡᠨ ᠨᠢ ᠨᠠᠮ ᠪᠠ ᠤᠯᠤᠰ ᠤᠨ ᠲᠡᠦᠬᠡᠨ ᠳᠡᠭᠡᠷᠡᠬᠢ ᠠᠩᠬᠠᠳᠠᠬᠴᠢ ᠤᠳᠠᠭ᠎ᠠ ᠪᠠᠶᠢᠵᠥ᠂ ᠨᠠᠮ ᠤᠨ ᠲᠥᠪ ᠬᠤᠷᠢᠶ᠎ᠠ ᠠᠴᠠ ᠲᠥᠪᠡᠳ ᠤᠨ ᠠᠵᠢᠯ ᠢ ᠳᠡᠮᠵᠢᠵᠦ ᠪᠠᠶᠢᠬᠤ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠳᠬᠡᠭᠰᠡᠨ ᠪᠠᠶᠢᠨ᠎ᠠ᠃      ᠰᠢ ᠶᠢᠨ ᠫᠢᠩ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠲᠡᠮᠡᠴᠡᠵᠦ᠂ ᠨᠡᠶᠢᠭᠡᠮ ᠤᠨ ᠪᠠᠶᠢᠭᠤᠯᠤᠯ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠪᠦᠬᠦ ᠲᠠᠯ᠎ᠠ ᠪᠠᠷ ᠬᠥᠭᠵᠢᠵᠦ᠂ ᠠᠷᠠᠳ ᠤᠨ ᠠᠮᠢᠳᠤᠷᠠᠯ ᠲᠦᠢᠯ ᠤᠨ ᠶᠡᠭᠡ ᠪᠠᠷ ᠰᠠᠶᠢᠵᠢᠷᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠯᠤᠳᠤ ᠶᠡᠭᠡ ᠬᠤᠪᠢᠷᠠᠯᠳᠠ ᠲᠠᠢ ᠪᠣᠯᠵᠠᠢ᠃ ᠦᠢᠯᠡᠳᠦᠯᠭᠡ ᠭᠡᠷᠡᠴᠢᠯᠡᠭᠰᠡᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠰᠢᠨ᠎ᠡ ᠲᠥᠪᠡᠳ ᠴᠦ ᠪᠠᠶᠢᠵᠤ ᠴᠢᠳᠠᠬᠤ ᠦᠭᠡᠢ ᠶᠤᠮ᠂ ᠨᠠᠮ ᠤᠨ ᠲᠥᠪ ᠬᠤᠷᠢᠶᠠᠨ ᠤ ᠲᠥᠪᠡᠳ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠣᠯ ᠪᠦᠷᠢᠮᠦᠰᠦᠨ ᠵᠥᠪ ᠶᠤᠮ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠤᠨ᠂ ᠬᠥᠭᠵᠢᠯᠲᠡ᠂ ᠠᠮᠢ ᠠᠬᠤᠢ᠂ ᠬᠢᠯᠢ ᠬᠢᠵᠠᠭᠠᠷ ᠢ ᠬᠦᠴᠦᠷᠬᠡᠭᠵᠢᠭᠦᠯᠬᠦ ᠲᠦᠷᠪᠡᠨ ᠶᠡᠭᠡ ᠶᠠᠪᠤᠳᠠᠯ ᠢ ᠰᠠᠶᠢᠲᠤᠷ ᠠᠳᠬᠤᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠠᠮᠵᠢᠯᠲᠠ ᠣᠯᠵᠤ᠂ ᠴᠠᠰᠤᠲᠤ ᠥᠨᠳᠦᠷᠯᠢᠭ ᠤᠨ ᠥᠨᠢ ᠤᠳᠠᠭᠠᠨ ᠠᠮᠤᠷ ᠲᠣᠭᠲᠠᠭᠤᠨ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃      7 ᠰᠠᠷ᠎ᠠ ᠶᠢᠨ 21 ᠠᠴᠠ 23 ᠤ ᠡᠳᠦᠷ ᠪᠣᠯᠲᠠᠯ᠎ᠠ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠡᠤ ᠶᠢᠩ ᠵᠢᠶᠧ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠴᠢᠵᠠᠯᠠ ᠶᠢᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠨᠢᠩ ‍ᠤᠤᠢ᠂ ᡀᠠᠰᠠ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠬᠤᠲᠠ ᠶᠢᠨ ᠴᠡᠴᠡᠷᠯᠢᠭ᠂ ᠲᠡᠮᠦᠷ ᠵᠠᠮ ᠤᠨ ᠬᠦᠢᠰᠦ᠂ ᠱᠠᠰᠢᠨ ᠰᠤᠷᠲᠠᠬᠤᠨ ᠤ ᠲᠠᠯᠠᠪᠤᠷ ᠭᠠᠵᠠᠷ᠂ ᠰᠣᠶᠣᠯ ᠤᠨ ᠵᠡᠭᠡᠯᠢ ᠲᠣᠭᠤᠷᠢᠭ ᠢᠶᠠᠷ ᠭᠦᠨᠵᠡᠭᠡᠶᠢᠷᠡᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃      21 ᠤ ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠰᠢ ᠶᠢᠨ ᠫᠢᠩ ᠨᠢᠰᠬᠡᠯ ᠢᠶᠠᠷ ᠨᠢᠩ ‍ᠤᠤᠢ ᠶᠢᠨ ᠮᠢᠨᠯᠢᠩ ᠨᠢᠰᠬᠡᠯ ᠤᠨ ᠪᠠᠭᠤᠳᠠᠯ ᠳᠤ ᠬᠦᠷᠪᠡ᠃ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠭᠠᠷ ᠲᠠᠭᠠᠨ ᠬᠤᠸᠠᠷ ᠴᠡᠴᠡᠭ ᠪᠠᠷᠢᠵᠥ᠂ ᠳᠠᠭᠤᠯᠠᠨ ᠪᠥᠵᠢᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠬᠤ ᠶᠢᠨ ᠬᠠᠮᠲᠤ ᠶᠡᠷᠦᠩᠬᠡᠢ ᠱᠦᠵᠢ ᠳᠤ ᠬᠠᠳᠠᠭ᠂ ᠴᠤᠮᠨ᠂ ᠨᠣᠬᠠᠢ ᠶᠢᠨ ᠬᠤᠰᠢᠭᠤ ᠶᠢᠨ ᠠᠷᠢᠬᠢ ᠡᠷᠭᠦᠨ ᠪᠠᠷᠢᠵᠤ᠂ ᠶᠡᠷᠦᠩᠬᠡᠢ ᠱᠦᠵᠢ ᠳᠤ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠪᠡ᠃      ᠳᠠᠷᠠᠭ᠎ᠠ ᠨᠢ᠂ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠶᠠᠩ ᠭᠤᠣᠯ ᠤᠨ ᠶᠡᠭᠡ ᠬᠥᠭᠦᠷᠭᠡ ᠳᠤ ᠬᠦᠷᠴᠦ᠂ ᠤᠰᠤᠨ ᠤ ᠳᠠᠪᠠᠯᠭᠠᠨ ᠳᠠᠪᠠᠯᠭᠠᠯᠠᠨ᠂ ᠡᠪᠡᠰᠦ ᠮᠣᠳᠣ ᠬᠥᠬᠡᠷᠡᠨ ᠨᠣᠭᠤᠭᠠᠷᠠᠭᠰᠠᠨ ᠶᠠᠨᠢ ᠨᠤᠭᠤ ᠭᠠᠵᠠᠷ ᠢ ᠠᠯᠤᠰ ᠠᠴᠠ ᠪᠠᠷᠠᠯᠠᠵᠥ᠂ ᠶᠠᠯᠦᠰᠠᠩᠪᠦ ᠮᠥᠷᠡᠨ ᠵᠢᠴᠢ ᠨᠢᠶᠠᠩ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠰᠣᠨᠣᠰᠪᠠ᠃ ᠰᠢ ᠶᠢᠨ ᠫᠢᠩ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠬᠤᠯᠠ ᠭᠤᠣᠯ ᠮᠥᠷᠡᠨ ᠤ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠬᠯᠠᠬᠤ ᠪᠠ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠳᠡᠬᠢ ᠠᠮᠢᠳᠠᠨ ᠠᠷᠢᠶᠠᠳᠠᠨ ᠡᠪᠡᠰᠦ ᠮᠣᠳᠣ᠂ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠬᠡᠵᠥ ᠴᠢᠬᠤᠯᠠᠴᠢᠯᠠᠪᠠ᠃      ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠨᠢᠩ ‍ᠤᠤᠢ ᠬᠤᠲᠠ ᠶᠢᠨ ᠬᠤᠲᠠ ᠶᠢᠨ ᠲᠥᠯᠥᠪᠵᠢᠭᠦᠯᠭᠡ ᠶᠢᠨ ᠣᠷᠳᠣᠨ ᠳᠤ ᠬᠦᠷᠴᠦ᠂ ᠨᠢᠩ ‍ᠤᠤᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠣᠶᠢᠯᠠᠭᠠᠪᠠ᠃ ᠰᠢ ᠶᠢᠨ ᠫᠢᠩ᠂ ᠥᠨᠳᠦᠷᠯᠢᠭ ᠲᠤ ᠤᠷᠤᠰᠢᠨ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠤᠷᠳᠤ ᠬᠤᠭᠤᠴᠠᠭᠠᠨ ᠤ ᠲᠤᠷᠰᠢ ᠡᠬᠡ ᠪᠠᠶᠢᠭᠠᠯᠢ ᠲᠠᠢ ᠬᠠᠷᠢᠯᠴᠠᠨ ᠲᠦᠰᠢᠯᠴᠡᠵᠦ᠂ ᠥᠨᠳᠦᠷᠯᠢᠭ ᠤᠨ ᠣᠷᠴᠢᠨ ᠲᠣᠭᠤᠷᠢᠨ ᠲᠠᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠡᠢ᠂ ᠣᠷᠣᠨ ᠪᠦᠰᠡ ᠶᠢᠨ ᠣᠨᠴᠠᠯᠢᠭ ᠢ ᠲᠤᠪᠤᠶᠢᠯᠭᠠᠵᠤ᠂ ᠡᠶᠢᠮᠤᠷᠬᠦᠦ ᠮᠠᠶ᠋ᠢᠭ ᠤᠨ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠦᠷᠭᠦᠯᠵᠢᠯᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠬᠦᠳᠦᠯᠥᠨ ᠬᠥᠭᠵᠢᠭᠡᠵᠦ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠯᠳᠠ ᠶᠢᠨ ᠴᠢᠳᠠᠪᠤᠷᠢ ᠪᠠᠷ ᠬᠠᠲᠠᠭᠤ ᠬᠢᠵᠠᠭᠠᠷᠯᠠᠯ ᠪᠣᠯᠭᠠᠵᠤ᠂ ᠬᠤᠳᠠ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠱᠤᠭᠤᠮ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠳᠠ ᠶᠢᠨ ᠬᠥᠮᠦᠨ ᠠᠮᠠ ᠶᠢᠨ ᠬᠡᠪᠴᠢᠶ᠎ᠡ ᠶᠢ ᠵᠣᠬᠢᠰᠲᠠᠢ ᠲᠣᠭᠲᠠᠭᠠᠵᠤ᠂ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠢᠵᠢ ᠪᠦᠷᠢᠳᠦᠬᠦᠯᠤᠨ ᠲᠥᠯᠥᠪᠵᠢᠭᠦᠯᠦᠨ ᠪᠦᠳᠦᠭᠡᠨ ᠪᠠᠶᠢᠭᠤᠯᠵᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠳᠬᠡᠪᠡ᠃      ᠨᠢᠩ ‍ᠤᠤᠢ ᠬᠤᠲᠠ ᠶᠢᠨ ᠪᠠ ᠢ ᠲᠣᠭᠤᠷᠢᠭ ᠤᠨ ᠨᠢᠩ ‍ᠤᠤᠢ ᠪᠠᠯᠭᠠᠰᠤᠨ ᠤ ᠭᠠᠯᠠ ᠲᠣᠰᠬᠤᠨ ᠨᠢ᠂ ᠬᠠᠪᠤᠷ ᠪᠠᠳᠠᠷᠠᠨ ᠳᠡᠯᠭᠡᠷᠡᠳᠡᠭ ᠬᠡᠭᠡᠷ᠎ᠡ ᠶᠢᠨ ᠲᠤᠭᠤᠷ ᠤᠨ ᠴᠡᠴᠡᠭ ᠢᠶᠠᠷ ᠢᠶᠠᠨ ᠠᠯᠳᠠᠷᠰᠢᠭᠰᠠᠨ ᠶᠤᠮ᠃ ᠰᠢ ᠶᠢᠨ ᠫᠢᠩ ᠠᠳᠡ ᠢᠷᠡᠵᠦ᠂ ᠭᠠᠯᠠ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠭᠰᠠᠨ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠰᠠᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠵᠡᠷᠭᠡ ᠲᠠᠨᠢᠯᠴᠠᠭᠤᠯᠭ᠎ᠠ ᠶᠢ ᠰᠣᠨᠣᠰᠴᠤ᠂ ᠲᠣᠰᠬᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ᠪᠣᠬᠢᠷᠲᠤᠯ ᠥᠬᠡᠶ ᠪᠠᠩᠬᠢ︾ ᠶᠢᠨ ᠰᠣᠯᠢᠯᠴᠠᠬᠤ ᠳᠡᠯᠭᠡᠭᠦᠷ᠂ ᠡᠷᠡᠭᠦᠯ ᠬᠠᠮᠠᠭᠠᠯᠠᠯ ᠤᠨ ᠲᠠᠰᠤᠭ ᠵᠡᠷᠭᠡ ᠶᠢᠨ ᠬᠤᠯᠪᠤᠬᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ ᠲᠣᠰᠬᠤᠨ ᠤ ᠠᠷᠠᠳ ᠳ᠋ᠠᠸᠠᠵᠢᠶᠠᠨᠼᠠᠨ ᠶᠡᠷᠦᠩᠬᠡᠢ ᠱᠦᠵᠢ ᠶᠢ ᠭᠡᠷ ᠲᠤ ᠪᠠᠨ ᠬᠠᠯᠠᠭᠤᠨ ᠢᠶᠠᠷ ᠤᠭᠲᠤᠪᠠ᠃ ᠰᠢ ᠶᠢᠨ ᠫᠢᠩ ᠤᠨᠲᠠᠬᠤ ᠥᠷᠥᠭᠡ᠂ ᠲᠣᠭᠤᠭᠠᠨ ᠬᠡᠷ᠂ ᠬᠠᠳᠠᠭᠠᠯᠠᠬᠤ ᠥᠷᠥᠭᠡ᠂ ᠵᠤᠷᠯᠤᠩ ᠵᠡᠷᠭᠡ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠬᠡᠷ ᠤᠨ ᠬᠥᠮᠦᠰ ᠲᠠᠢ ᠨᠢ ᠵᠣᠴᠢᠯᠠᠬᠤ ᠲᠢᠩᠬᠢᠮ ᠳᠤ ᠲᠣᠭᠤᠷᠢᠨ ᠰᠠᠭᠤᠵᠤ ᠵᠣᠭᠤᠭᠳᠠᠪᠠ᠃ ᠳ᠋ᠠᠸᠠᠵᠢᠶᠠᠨᠼᠠᠨ ᠶᠡᠷᠦᠩᠬᠡᠢ ᠱᠦᠵᠢ ᠳᠤ᠂ ᠡᠳᠡᠭᠡᠷ ᠵᠢᠯ ᠤᠳ ᠲᠤ ᠲᠡᠳᠡᠨ ᠤ ᠬᠢᠨ ᠲᠡᠭᠡᠭᠡᠪᠦᠷᠢ ᠭᠦᠶᠦᠬᠦ᠂ ᠲᠤᠭᠤᠷ ᠤᠨ ᠴᠡᠴᠡᠭ ᠤᠨ ᠪᠠᠶᠠᠷ ᠠᠴᠠ ᠠᠰᠢᠭ ᠬᠤᠪᠢᠶᠠᠬᠤ᠂ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠬᠦ᠂ ᠲᠠᠷᠢᠵᠤ ᠲᠡᠵᠢᠭᠡᠨ ᠦᠷᠡᠵᠢᠭᠦᠯᠬᠦ ᠳᠤ ᠲᠦᠰᠢᠭᠯᠡᠵᠤ᠂ ᠨᠢᠳᠤᠨᠤᠨ ᠪᠦᠬᠦ ᠭᠡᠷ ᠤᠨ ᠣᠷᠣᠯᠭ᠎ᠠ ᠨᠢ 30 ᠲᠦᠮᠡᠨ ᠲᠥᠭᠦᠷᠢᠭ ᠢ ᠳᠠᠪᠠᠪᠠ ᠭᠡᠵᠤ ᠬᠡᠯᠡᠵᠤ ᠦᠭᠭᠦᠯ᠎ᠡ᠃ ᠰᠢ ᠶᠢᠨ ᠫᠢᠩ ᠰᠣᠨᠣᠰᠤᠭᠠᠳ ᠮᠠᠰᠢ ᠪᠠᠶᠠᠷᠯᠠᠪᠠ᠃ ᠲᠡᠷᠡ᠂ ᠭᠠᠯᠠ ᠲᠣᠰᠬᠤᠨ ᠤ ᠰᠠᠶᠢᠨ ᠰᠠᠶᠢᠬᠠᠨ ᠠᠮᠢᠳᠤᠷᠠᠯ ᠪᠣᠯ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠬᠤᠷᠢᠶᠠᠩᠭᠤᠢ ᠳᠦᠷᠰᠦ ᠪᠣᠯᠤᠨ᠎ᠠ᠂ ᠠᠳᠡᠬᠢ ᠪᠣᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠪᠠᠳᠠᠷᠠᠨ ᠳᠡᠯᠭᠡᠷᠡᠭᠰᠡᠨ ᠭᠠᠵᠠᠷ ᠪᠣᠯᠤᠨ᠎ᠠ᠃ ᠨᠤᠲᠤᠭ ᠤᠨ ᠠᠬ᠎ᠠ ᠳᠡᠭᠦᠦ ᠨᠡᠷ ᠤᠨ ᠰᠠᠶᠢᠨ ᠰᠠᠶᠢᠬᠠᠨ ᠠᠮᠢᠳᠤᠷᠠᠯ ᠨᠢ ᠨᠠᠮ ᠪᠠ ᠤᠯᠤᠰ ᠤᠨ ᠰᠠᠶᠢᠨ ᠲᠦᠷᠦ ᠶᠢᠨ ᠪᠤᠳᠤᠯᠭ᠎ᠠ ᠶᠢᠨ ᠠᠴᠢ ᠲᠤᠰᠠ ᠪᠤᠯᠬᠤ ᠪᠦᠭᠡᠳ ᠪᠠᠰᠠ ᠲᠠ ᠨᠠᠷ ᠥᠪᠡᠷ ᠢᠶᠠᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠡᠭᠦᠳᠦᠨ ᠪᠦᠲᠦᠭᠡᠭᠰᠡᠨ ᠶᠤᠮ᠃ ᠲᠥᠪᠡᠳ ᠤᠨ ᠬᠥᠭᠵᠢᠯᠲᠡ ᠶᠢ ᠳᠡᠮᠵᠢᠬᠦ ᠲᠤᠬᠠᠶ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ ᠲᠣᠰᠬᠤᠨ ᠤ ᠠᠷᠠᠳ ᠵᠠᠮ ᠤᠨ ᠬᠠᠵᠠᠭᠤ ᠳᠤ ᠴᠤᠭᠯᠠᠷᠠᠵᠤ᠂ ᠠᠷᠢᠭᠤᠨ ᠴᠠᠭᠠᠨ ᠬᠠᠳᠠᠭ ᠪᠠᠷᠢᠵᠤ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ᠂ ᠮᠠᠯᠠᠭᠠᠢ ᠪᠠᠨ ᠠᠪᠴᠤ ᠶᠡᠷᠦᠩᠬᠡᠢ ᠱᠦᠵᠢ ᠳᠤ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ ᠤᠯᠠᠠ ᠢ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠪᠡ᠃      ᠭᠠᠯᠠ ᠲᠣᠰᠬᠤᠨ ᠠᠴᠠ ᠰᠠᠯᠤᠭᠠᠳ᠂ ᠰᠢ ᠶᠢᠨ ᠫᠢᠩ ᠨᠢᠩ ‍ᠤᠤᠢ ᠶᠢᠨ ᠰᠢᠨ᠎ᠡ ᠬᠠᠭᠤᠴᠢᠨ ᠬᠤᠳᠠ ᠶᠢᠨ ᠲᠣᠭᠤᠷᠢᠭ ᠤᠨ ᠠᠭᠤᠯᠵᠠᠷ ᠲᠠᠬᠢ ᠭᠤᠮᠪᠤ ᠴᠡᠴᠡᠷᠯᠢᠭ ᠲᠤ ᠬᠦᠷᠴᠦ᠂ ᠴᠡᠴᠡᠷᠯᠢᠭ ᠤᠨ ᠨᠣᠭᠤᠭᠠᠷᠠᠭᠤᠯᠤᠯᠲᠠ ᠪᠠ ᠰᠠᠭᠤᠷᠢ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠰᠢ ᠶᠢᠨ ᠫᠢᠩ᠂ ᠬᠤᠳᠠ ᠶᠢᠨ ᠭᠤᠣᠯᠳᠠᠯᠭ᠎ᠠ ᠪᠣᠯ ᠬᠥᠮᠦᠨ ᠮᠥᠨ᠂ ᠬᠤᠳᠠ ᠶᠢᠨ ᠠᠵᠢᠯ ᠢ ᠰᠠᠶᠢᠨ ᠬᠢᠭᠰᠡᠨ ᠡᠰᠡᠬᠦ᠂ ᠤᠯᠠᠨ ᠲᠦᠮᠡᠨ ᠬᠠᠨᠤᠮᠵᠢᠲᠠᠢ ᠪᠠᠶᠢᠬᠤ ᠡᠰᠡᠬᠦ᠂ ᠠᠮᠢᠳᠤᠷᠠᠯ ᠳᠥᠭᠦᠮ ᠳᠥᠲᠡ ᠪᠠᠶᠢᠬᠤ ᠡᠰᠡᠬᠦ ᠪᠣᠯ ᠴᠢᠬᠤᠯᠠ ᠦᠨᠡᠯᠡᠬᠦ ᠪᠠᠷᠢᠮᠵᠢᠶ᠎ᠠ ᠪᠣᠯᠤᠨ᠎ᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ ᠰᠢ ᠶᠢᠨ ᠫᠢᠩ ᠴᠡᠴᠡᠷᠯᠢᠭ ᠤᠨ ᠠᠭᠤᠳᠠᠮ ᠲᠠᠯᠠᠪᠠᠢ ᠳᠡᠭᠡᠷ᠎ᠡ ᠪᠥᠵᠢᠭᠯᠡᠵᠦ ᠪᠠᠶᠢᠭ᠎ᠠ ᠲᠤᠬᠠᠢ ᠶᠢᠨ ᠭᠠᠵᠠᠷ ᠤᠨ ᠤᠯᠠᠨ ᠲᠦᠮᠡᠨ ᠪᠣᠯᠤᠨ ᠵᠢᠭᠤᠯᠴᠢᠯᠠᠬᠰᠡᠳ ᠲᠤ ᠵᠥᠩᠨᠡᠯ ᠳᠡᠪᠰᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠢ ᠵᠥᠩᠨᠡᠪᠡ᠃      ᠡᠨᠡ ᠵᠢᠯ ᠤᠨ 6 ᠰᠠᠷ᠎ᠠ ᠶᠢᠨ 25 ᠤ ᠡᠳᠦᠷ᠂ ᠲᠥᠪᠡᠳ ᠤᠨ ᠠᠩᠬᠠᠳᠠᠭᠴᠢ ᠴᠠᠬᠢᠯᠭᠠᠨᠵᠢᠭᠰᠠᠨ ᠲᠡᠮᠦᠷ ᠵᠠᠮ ᠤᠨ ᠯᠾᠠᠰᠠ ᠠᠴᠠ ᠨᠢᠩ ‍ᠤᠤᠢ ᠬᠦᠷᠬᠦ ᠲᠡᠮᠦᠷ ᠵᠠᠮ ᠠᠰᠢᠬᠯᠠᠯᠳᠠ ᠳᠤ ᠣᠷᠣᠪᠠ᠃ 22 ᠤᠨ ᠦᠳᠡ ᠶᠢᠨ ᠡᠮᠦᠨ᠎ᠡ᠂ ᠰᠢ ᠶᠢᠨ ᠫᠢᠩ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠴᠢᠬᠤᠯᠠ ᠬᠦᠢᠰᠦ ᠦᠷᠳᠡᠭᠡ ᠪᠣᠯᠬᠤ ᠨᠢᠩ ‍ᠤᠤᠢ ᠭᠠᠯᠲᠤ ᠲᠡᠷᠭᠡᠨ ᠦᠷᠳᠡᠭᠡ ᠳᠤ ᠬᠦᠷᠴᠦ᠂ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠶᠡᠷᠦᠩᠬᠡᠢ ᠲᠥᠯᠥᠪᠵᠢᠭᠦᠯᠭᠡ ᠵᠢᠴᠢ ᡀᠠᠰᠠ ᠠᠴᠠ ᠨᠢᠩ ‍ᠤᠤᠢ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠶᠠ ᠠᠨ ᠠᠴᠠ ᠨᠢᠩ ‍ᠤᠤᠢ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ ᠭᠠᠯᠲᠤ ᠲᠡᠷᠭᠡᠨ ᠳᠤ ᠰᠠᠭᠤᠵᠤ ᠯᠾᠠᠰᠠ ᠠᠴᠠ ᠨᠢᠩ ‍ᠤᠤᠢ ᠬᠦᠷᠬᠦ ᠲᠡᠮᠦᠷ ᠵᠠᠮ ᠳᠠᠭᠠᠤ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠰᠠᠭᠤᠳᠠᠯ ᠢ ᠭᠦᠨᠵᠡᠭᠡᠢ ᠰᠤᠳᠤᠯᠪᠠ᠃ ᠰᠢ ᠶᠢᠨ ᠫᠢᠩ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠵᠤ᠂ ᠠᠵᠢᠯ ᠢ ᠠᠬᠢᠭᠤᠯᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠲᠡᠷᠡ᠂ ᠰᠧᠴᠤᠸᠠᠨ ᠠᠴᠠ ᠲᠥᠪᠡᠳ ᠬᠦᠷᠬᠦ ᠲᠠᠮᠤᠷ ᠵᠠᠮ ᠢ ᠲᠥᠯᠥᠪᠵᠢᠭᠦᠯᠦᠨ ᠪᠦᠳᠤᠬᠡᠨ ᠪᠠᠶᠢᠭᠤᠯᠬᠤ ᠪᠣᠯ ᠲᠥᠪᠡᠳ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠶᠠ ᠠᠨ ᠠᠴᠠ ᠨᠢᠩ ‍ᠤᠤᠢ ᠬᠦᠷᠬᠦ ᠬᠡᠰᠡᠭ ᠤᠨ ᠭᠠᠵᠠᠷ ᠤᠨ ᠪᠠᠶᠢᠴᠠ ᠪᠣᠯᠤᠨ ᠠᠭᠤᠷ ᠠᠮᠢᠰᠬᠤᠯ ᠤᠨ ᠨᠥᠬᠦᠴᠡᠯ ᠨᠡᠩ ᠪᠤᠳᠤᠯᠢᠶᠠᠨᠲᠠᠢ᠂ ᠪᠦᠳᠤᠬᠡᠨ ᠪᠠᠶᠢᠭᠤᠯᠬᠤ ᠬᠦᠴᠢᠷᠳᠡᠯ ᠤᠨ ᠶᠡᠭᠡ ᠨᠢ ᠳᠡᠯᠡᠬᠡᠢ ᠳ᠋ᠠᠬᠢᠨ ᠳᠤ ᠬᠤᠪᠣᠷ ᠶᠤᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠬᠦᠴᠢᠷ ᠢ ᠰᠦᠷᠤᠨ ᠤᠷᠤᠭᠰᠢᠯᠠᠵᠤ᠂ ᠵᠣᠷᠢᠭᠲᠠᠢ ᠪᠠᠷ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠬᠢᠷᠲᠤᠯ ᠦᠬᠡᠢ ᠪᠠᠷ ᠪᠠᠷᠢᠯᠭ᠎ᠠ ᠪᠠᠷᠢᠬᠤ ᠶᠢ ᠪᠠᠷᠢᠮᠲᠠᠯᠠᠵᠤ᠂ ᠡᠨᠡ ᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠴᠠ ᠳᠠᠬᠢ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠰᠠᠶᠢᠲᠤᠷ ᠪᠦᠳᠤᠬᠡᠨ ᠪᠠᠶᠢᠭᠤᠯᠬᠤ ᠬᠡᠷᠡᠭᠲᠡᠢ᠃ ᠪᠠᠷᠠᠭᠤᠨ ᠬᠡᠰᠡᠭ ᠤᠨ ᠬᠢᠯᠢ ᠬᠢᠵᠠᠭᠠᠷ ᠤᠨ ᠲᠡᠮᠦᠷ ᠵᠠᠮ ᠤᠨ ᠲᠤᠤᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠰᠠᠶᠢᠳᠤᠷ ᠲᠥᠯᠥᠪᠵᠢᠭᠦᠯᠦᠨ᠂ ᠭᠦᠢᠴᠡᠳ ᠨᠤᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠣᠯᠤᠨ ᠥᠷᠭᠡᠨ ᠣᠯᠠᠨ ᠠᠷᠠᠳ ᠲᠦᠮᠡᠨ ᠤ ᠴᠢᠨᠠᠷ ᠰᠠᠶᠢᠲᠠᠶ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ ᠭᠡᠵᠤ ᠵᠢᠭᠠᠵᠤ ᠭᠠᠷᠭᠠᠪᠠ᠃      ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᡀᠠᠰᠠ ᠶᠢᠨ ᠪᠠᠷᠠᠭᠤᠨ ᠲᠡᠭᠦᠷᠭᠡ ᠳᠤ ᠪᠠᠶᠢᠷᠢᠯᠠᠭ᠎ᠠ ᠪᠷᠢᠪᠧᠩ ᠭᠡᠶᠢᠳ ᠲᠤ ᠬᠦᠷᠪᠡ᠃ ᠰᠤᠬᠴᠢᠨ ᠲᠤᠭᠠᠩ ᠤᠨ ᠠᠭᠤᠳᠠᠮ ᠲᠠᠯᠠᠪᠠᠢ ᠳᠤ᠂ ᠬᠡᠩᠭᠡᠷᠭᠡ ᠴᠠᠩ ᠵᠡᠷᠭᠡ ᠪᠠᠷ ᠳᠤᠤᠭᠠᠷᠴᠤ᠂ ᠪᠷᠢᠪᠧᠩ ᠭᠡᠶᠢᠳ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ ᠬᠠᠳᠠᠭ ᠡᠷᠭᠦᠨ᠂ ᠯᠠᠮᠠ ᠬᠤᠸᠠᠷᠠᠭ ᠦᠨᠦᠷᠳᠤ ᠬᠦᠯᠢᠰ ᠡᠷᠭᠦᠨ᠂ ᠡᠷᠳᠡᠨᠢ ᠶᠢᠨ ᠰᠢᠬᠦᠷ ᠪᠠᠷᠢᠵᠤ᠂ ᠶᠡᠷᠦᠩᠬᠡᠢ ᠱᠦᠵᠢ ᠶᠡᠨᠳᠡᠷ ᠢᠶᠠᠷ ᠲᠤᠭᠠᠩ ᠳᠤ ᠠᠯᠬᠤᠨ ᠣᠷᠣᠪᠠ᠃ ᠰᠢ ᠶᠢᠨ ᠫᠢᠩ ᠲᠥᠪᠡᠳ ᠤᠨ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠪᠣᠯᠤᠨ ᠪᠷᠢᠪᠧᠩ ᠬᠡᠶᠢᠳ ᠤᠨ ᠰᠦᠮ᠎ᠡ ᠬᠡᠶᠢᠳ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠰᠤᠬᠴᠢᠨ ᠳᠤᠭᠠᠩ ᠢ ᠪᠠᠶᠢᠴᠠᠭᠠᠨ ᠦᠵᠡᠵᠦ᠂ ᠪᠷᠢᠪᠧᠩ ᠬᠡᠶᠢᠳ ᠤᠨ ᠡᠳᠡᠭᠡᠷ ᠵᠢᠯ ᠤᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠬᠦ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠰᠢ ᠶᠢᠨ ᠫᠢᠩ ᠳᠤᠭᠠᠩ ᠠᠴᠠ ᠭᠠᠷᠴᠤ ᠢᠷᠡᠬᠦ ᠳᠤ ᠬᠡᠳᠦᠨ ᠠᠷᠪᠠᠨ ᠯᠠᠮᠠ ᠶᠡᠷᠦᠩᠬᠡᠢ ᠱᠦᠵᠢ ᠶᠢ ᠬᠠᠳᠠᠭ ᠪᠠᠷᠢᠵᠤ ᠦᠳᠡᠨ ᠮᠣᠷᠳᠠᠭᠤᠯᠵᠠᠢ᠃ ᠰᠢ ᠶᠢᠨ ᠫᠢᠩ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠨ ᠲᠦᠮᠡᠨ ᠤ ᠱᠠᠰᠢᠨ ᠰᠢᠲᠦᠯᠭᠡ ᠶᠢ ᠬᠦᠨᠳᠦᠳᠬᠡᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠨ ᠥᠪᠡᠷᠳᠡᠭᠡᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠲᠥᠪᠡᠳ ᠤᠨ ᠪᠤᠳ᠋ᠳ᠋ᠾᠠ ᠶᠢᠨ ᠱᠠᠰᠢᠨ ᠤ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠳᠠᠢ ᠪᠠᠶᠢᠬᠤ ᠶᠢ ᠠᠬᠢᠭᠤᠯᠵᠤ᠂ ᠨᠡᠶᠢᠭᠡᠮ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠳᠤᠮᠳᠠ ᠢᠳᠡᠪᠬᠢᠲᠡᠢ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠯᠾᠠᠰᠠ ᠬᠤᠲᠠ ᠶᠢᠨ ᠬᠠᠭᠤᠴᠢᠨ ᠬᠤᠲᠠ ᠲᠣᠭᠤᠷᠢᠭ ᠲᠤ ᠪᠠᠶᠢᠷᠢᠯᠠᠭ᠎ᠠ ᠫᠠᠭᠤᠷ ᠵᠡᠭᠡᠯᠢ ᠤᠳᠤ ᠠᠴᠠ 1300 ᠭᠠᠷᠤᠢ ᠵᠢᠯ ᠤᠨ ᠲᠡᠦᠬᠡ ᠲᠠᠢ ᠪᠣᠯᠵᠠᠢ᠃ ᠰᠢ ᠶᠢᠨ ᠫᠢᠩ ᠶᠠᠪᠠᠭᠠᠨ ᠢᠶᠠᠷ ᠫᠠᠭᠤᠷ ᠵᠡᠭᠡᠯᠢ ᠶᠢᠨ ᠳᠦᠷᠰᠦ ᠪᠠᠶᠢᠳᠠᠯ ᠢ ᠪᠠᠶᠢᠴᠠᠭᠠᠨ ᠦᠵᠡᠵᠦ᠂ ᠤᠨᠴᠠᠯᠢᠬᠳᠤ ᠲᠠᠸᠠᠷ ᠤᠨ ᠳᠡᠯᠭᠡᠭᠦᠷ ᠲᠤ ᠣᠷᠣᠵᠤ᠂ ᠵᠢᠭᠤᠯᠴᠢᠯᠠᠯ ᠤᠨ ᠰᠣᠶᠣᠯ ᠤᠨ ᠪᠦᠳᠦᠭᠡᠯᠴᠢ ᠠᠵᠤ ᠦᠢᠯᠡᠰ ᠤᠨ ᠬᠥᠭᠵᠢᠯᠲᠡ᠂ ᠲᠥᠪᠡᠳ ᠤᠨ ᠰᠣᠶᠣᠯ ᠢ ᠤᠯᠠᠮᠵᠢᠯᠠᠨ ᠬᠠᠮᠠᠭᠠᠯᠠᠵᠤ ᠪᠠᠶᠢᠬᠤ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ  ᠶᠢᠨ ᠫᠢᠩ ᠭᠠᠷ ᠳᠠᠯᠠᠯᠤᠨ ᠤᠯᠠᠨ ᠳᠤ ᠮᠡᠨᠳᠦᠴᠢᠯᠡᠯ ᠬᠦᠷᠭᠡᠪᠡ᠃ ᠰᠢ ᠶᠢᠨ ᠫᠢᠩ ᠵᠠᠯᠭᠠᠭᠠᠳ ᠪᠤᠳᠠᠯᠠ ᠣᠷᠳᠣᠨ ᠤ ᠠᠭᠤᠳᠠᠮ ᠲᠠᠯᠠᠪᠠᠢ ᠳᠤ ᠬᠦᠷᠬᠦ ᠳᠤ᠂ ᠠᠭᠤᠳᠠᠮ ᠲᠠᠯᠠᠪᠠᠢ ᠳᠠᠬᠢ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ ᠳᠤᠷᠠᠰᠬᠠᠯ ᠤᠨ ᠬᠦᠰᠢᠶ᠎ᠡ ᠰᠡᠬᠦ᠋ᠢᠨ ᠰᠦᠨᠳᠡᠷᠯᠡᠵᠦ᠂ ᠪᠤᠳᠠᠯᠠ ᠣᠷᠳᠣᠨ ᠰᠦᠷ ᠵᠢᠪᠬᠤᠭ᠎ᠠ ᠲᠠᠢ ᠪᠠᠶᠢᠯ᠎ᠠ᠃ ᠰᠢ ᠶᠢᠨ ᠫᠢᠩ ᠪᠣᠳᠠᠯᠠ ᠣᠷᠳᠣᠨ ᠤ ᠬᠠᠮᠠᠭᠠᠯᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠣᠲᠣᠨᠣ ᠪᠠᠷ ᠪᠣᠯᠭᠤᠭᠠᠨ ᠦᠵᠡᠪᠡ᠃ ᠠᠭᠤᠳᠠᠮ ᠲᠠᠯᠠᠪᠠᠢ ᠳᠠᠬᠢ ᠵᠢᠭᠤᠯᠴᠢᠯᠠᠬᠰᠠᠳ ᠲᠤᠬᠠᠢ ᠶᠢᠨ ᠭᠠᠵᠠᠷ ᠤᠨ ᠤᠯᠠᠨ ᠲᠦᠮᠡᠨ ᠲᠠᠢ ᠬᠠᠮᠲᠤ ᠪᠠᠷ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾ ᠭᠡᠵᠦ ᠥᠨᠳᠥᠷ ᠲᠠᠭᠤᠨ ᠢᠶᠠᠷ ᠮᠡᠨᠳᠤᠴᠢᠯᠠᠯ ᠬᠦᠷᠬᠡᠵᠤ ᠪᠠᠶᠢᠪᠠ᠃ ᠰᠢ ᠶᠢᠨ ᠫᠢᠩ᠂ ᠲᠥᠪᠡᠳ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ᠂ ᠲᠥᠪᠡᠳ ᠤᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠲᠥᠪᠡᠳ ᠦᠨᠳᠦᠰᠦᠲᠡᠨ ᠪᠣᠯᠤᠨ ᠪᠤᠰᠤᠳ ᠦᠨᠳᠦᠰᠦᠲᠡᠨ ᠨᠦᠭᠦᠳ ᠤᠨ ᠰᠣᠯᠢᠯᠴᠠᠭ᠎ᠠ ᠨᠢ ᠲᠥᠪᠡᠳ ᠤᠨ ᠲᠡᠦᠬᠡ ᠶᠢᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠳᠠᠵᠤ ᠪᠠᠶᠢᠨ᠎ᠠ᠃ ᠣᠳᠣᠬᠠᠨ ᠳᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠨᠢᠭᠡᠨᠳᠡ ᠡᠬᠢᠯᠡᠵᠦ᠂ ᠲᠥᠪᠡᠳ ᠤᠨ ᠬᠥᠭᠵᠢᠯᠲᠡ ᠴᠦ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠂ ᠳᠤᠮᠳᠠᠳᠤ ᠤᠯᠤᠰ ᠤᠨ ᠡᠪ ᠬᠠᠮᠲᠤ ᠨᠠᠮ ᠢ ᠲᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠳᠠᠭ ᠯᠠ ᠶᠤᠮ ᠪᠣᠯ ᠪᠢᠳᠠ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠣᠯᠤᠨ᠎ᠠ ᠬᠡᠵᠤ ᠵᠢᠭᠠᠵᠤ ᠭᠠᠷᠭᠠᠪᠠ᠃ ᠰᠢ ᠶᠢᠨ ᠫᠢᠩ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠠᠮᠤᠭᠤᠯᠠᠩ ᠢ ᠢᠷᠤᠬᠡᠪᠡ᠃      ᠲᠤᠰ ᠤᠷᠤᠢ ᠳᠤᠨᠢ᠂ ᠰᠢ ᠶᠢᠨ ᠫᠢᠩ ᠲᠥᠪᠡᠳ ᠤᠨ ᠠᠷᠠᠳ ᠤᠨ ᠬᠤᠷᠠᠯ ᠤᠨ ᠲᠠᠩᠬᠢᠮ ᠳᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ ᠪᠠᠷ ᠦᠨᠳᠦᠰᠦᠲᠡᠨ ᠤ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃ ᠢᠷᠠᠭᠤ ᠰᠠᠶᠢᠬᠠᠨ ᠠᠷᠠᠳ ᠤᠨ ᠳᠠᠭᠤᠤ᠂ ᠵᠤᠯᠪᠤᠭᠠᠯᠢᠭ ᠰᠠᠶᠢᠬᠠᠨ ᠪᠥᠵᠢᠭ ᠨᠢ ᠲᠥᠪᠡᠳ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠲᠥᠪᠡᠳ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠤ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠡᠷᠡᠰ ᠪᠠᠲᠤ ᠢᠲᠡᠭᠡᠯ ᠵᠣᠷᠢᠭ ᠢ ᠢᠯᠡᠷᠡᠭᠦᠯᠪᠡ᠃      7 ᠰᠠᠷ᠎ᠠ ᠶᠢᠨ 23 ᠤ ᠦᠳᠡ ᠶᠢᠨ ᠡᠮᠦᠨ᠎ᠡ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪᠡᠳ ᠤᠨ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠲᠥᠪᠡᠳ ᠢ ᠴᠢᠷᠮᠠᠶᠢᠨ ᠰᠠᠶᠢᠲᠤᠷ ᠪᠦᠳᠦᠭᠡᠨ ᠪᠠᠶᠢᠭᠤᠯᠬᠤ ᠶᠢ ᠬᠦᠰᠡᠪᠡ᠃      ᠰᠢ ᠶᠢᠨ ᠫᠢᠩ᠂ ᠲᠥᠪᠡᠳ ᠤᠨ ᠠᠵᠢᠯ ᠤᠨ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠤᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠵᠣᠯ ᠵᠢᠷᠭᠠᠯ ᠢ ᠪᠠᠲᠤᠯᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ᠂ ᠡᠭᠡ ᠣᠷᠣᠨᠴᠢ ᠦᠵᠡᠯ ᠤᠨ ᠬᠥᠮᠦᠵᠢᠯ᠂ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠤᠨ ᠬᠥᠮᠦᠵᠢᠯ᠂ ᠰᠢᠨ᠎ᠡ ᠬᠠᠭᠤᠴᠢᠨ ᠲᠥᠪᠡᠳ ᠤᠨ ᠬᠠᠷᠢᠴᠠᠭᠤᠯᠤᠯ ᠤᠨ ᠬᠥᠮᠦᠵᠢᠯ ᠪᠠ ᠮᠠᠷᠺᠰ ᠤᠨ ᠦᠵᠡᠯ ᠤᠨ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢᠨ ᠬᠥᠮᠦᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠤᠷᠳᠤ ᠤᠳᠠᠭᠠᠨ ᠤ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠵᠦ᠂ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠤ ᠶᠢᠨ ᠲᠠᠨᠢᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃      ᠰᠢ ᠶᠢᠨ ᠫᠢᠩ᠂ ᠲᠥᠪᠡᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠠᠯᠢᠪᠠ ᠬᠥᠭᠵᠢᠯᠲᠡ ᠨᠢ ᠴᠥᠮ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠠᠴᠢ ᠬᠤᠯᠪᠣᠭᠳᠠᠯ ᠣᠯᠭᠤᠬᠤ ᠶᠢ ᠪᠠᠷᠢᠮᠳᠠᠯᠠᠵᠤ᠂ ᠴᠥᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠳᠤ ᠠᠴᠢ ᠬᠤᠯᠪᠣᠭᠳᠠᠯ ᠣᠯᠭᠤᠬᠤ ᠶᠢ ᠪᠠᠷᠢᠮᠳᠠᠯᠠᠵᠤ᠂ ᠴᠥᠮ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠬᠤ ᠢ ᠪᠠᠷᠢᠮᠳᠠᠯᠠᠬᠤ ᠬᠡᠷᠡᠭᠲᠡᠢ᠃ ᠰᠠᠶᠢᠨ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠲᠡᠪᠴᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠥᠭᠡᠷᠡᠴᠢᠯᠡᠯᠲᠡ ᠨᠡᠭᠡᠭᠡᠯᠳᠠ ᠶᠢ ᠭᠦᠨᠵᠡᠭᠡᠶᠢᠷᠡᠭᠦᠯᠵᠦ᠂ ᠲᠡᠮᠦᠷ ᠵᠠᠮ᠂ ᠵᠠᠰᠠᠮᠠᠯ ᠵᠠᠮ ᠵᠢᠴᠢ ᠪᠤᠰᠤᠳ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠤᠯᠤᠰ ᠤᠨ ᠴᠡᠪᠡᠷ ᠡᠨᠧᠷᠭᠢ ᠶᠢᠨ ᠰᠠᠭᠤᠷᠢᠨ ᠢ ᠲᠦᠷᠭᠡᠳᠬᠡᠨ ᠪᠦᠳᠦᠭᠡᠨ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠲᠥᠪᠡᠳ ᠤᠨ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠡᠳᠡᠭᠡᠷ ᠵᠢᠯ ᠤᠳ ᠲᠤ᠂ ᠲᠥᠪᠡᠳ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠳᠤ ᠴᠥᠮ ᠮᠠᠰᠢ ᠶᠡᠭᠡ ᠬᠤᠪᠢᠷᠠᠯᠲᠠ ᠭᠠᠷᠴᠠᠢ᠂ ᠪᠢ ᠬᠦᠷᠦᠭᠰᠡᠨ ᠭᠠᠵᠠᠷ ᠪᠣᠯᠭᠠᠨ ᠠᠴᠠ ᠤᠯᠠᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠵᠣᠯ ᠵᠢᠷᠭᠠᠯᠲᠤ ᠰᠡᠳᠬᠢᠯᠭᠡ᠂ ᠨᠠᠮ ᠪᠣᠯᠤᠨ ᠤᠯᠤᠰ ᠲᠤ ᠲᠠᠯᠠᠷᠬᠠᠬᠤ ᠰᠡᠳᠬᠢᠯᠭᠡ ᠶᠢ ᠮᠡᠳᠡᠷᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠨᠡᠩ ᠢᠯᠡᠭᠦᠦ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠤᠯᠭᠠᠵᠦ᠂ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠬᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃ ᠬᠢᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠢᠯᠢ ᠬᠢᠵᠠᠭᠠᠷ ᠲᠤ ᠦᠨᠳᠦᠰᠦᠯᠡᠵᠦ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠭᠡᠷ ᠣᠷᠣᠨ ᠢᠶᠠᠨ ᠪᠦᠳᠦᠭᠡᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠲᠥᠪᠡᠳ ᠤᠨ ᠠᠮᠢ ᠠᠬᠤᠶ ᠣᠷᠴᠢᠨ ᠳᠤᠭᠤᠷᠢᠨ ᠢ ᠰᠠᠶᠢᠲᠤᠷ ᠬᠠᠮᠠᠭᠠᠯᠠᠬᠤ ᠨᠢ ᠥᠨᠢ ᠤᠳᠠᠭᠠᠨ ᠤ ᠠᠰᠢᠭ ᠲᠤᠰᠠ ᠶᠢ ᠡᠳ᠋ᠯᠡᠵᠦ᠂ ᠳᠡᠯᠡᠬᠡᠶ ᠳ᠋ᠠᠬᠢᠨ ᠳᠤ ᠠᠴᠢ ᠲᠤᠰᠠ ᠬᠦᠷᠲᠡᠭᠡᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠦᠩᠭᠦᠨ ᠠᠭᠤᠯᠠ ᠮᠥᠨ᠂ ᠴᠠᠰᠤ ᠮᠥᠰᠥᠲᠦ ᠭᠠᠵᠠᠷ ᠴᠤ ᠠᠯᠲᠠ ᠮᠦᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠠᠬᠢᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠪᠠᠷ ᠣᠷᠣᠰᠢᠬᠰᠠᠨ ᠣᠳᠣᠬᠢᠴᠢᠯᠠᠯᠲᠠ ᠶᠢ ᠴᠢᠷᠮᠠᠶᠢᠨ ᠪᠦᠳᠦᠭᠡᠨ ᠪᠠᠶᠢᠭᠤᠯᠵᠤ᠂ ᠳᠡᠯᠡᠬᠡᠢ ᠶᠢᠨ ᠪᠥᠮᠪᠥᠷᠴᠡᠭ ᠤᠨ ᠭᠤᠷᠪᠠᠳᠤᠭᠠᠷ ᠲᠦᠢᠯ ᠤᠨ ᠠᠮᠢ ᠠᠬᠤᠢ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠡᠤᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠪᠣᠯ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠲᠠ ᠮᠥᠨ᠂ ᠲᠡᠤᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠤᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ ᠰᠤᠷᠳᠠᠬᠤᠨ ᠢ ᠡᠷᠬᠢᠮᠯᠡᠬᠦ ᠶᠢᠨ ᠦᠷ᠎ᠡ ᠪᠦᠲᠦᠭᠡᠯ ᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠴᠢᠷᠮᠠᠶᠢᠨ ᠦᠢᠯᠡᠳᠦᠯᠭᠡᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠮᠦᠵᠢᠭᠦᠯᠦᠨ ᠬᠥᠲᠥᠯᠥᠨ ᠵᠢᠯᠤᠭᠤᠳᠴᠤ᠂ ᠨᠠᠮ ᠪᠠᠶᠢᠭᠤᠯᠤᠬᠰᠠᠨ ᠠᠭᠤᠤ ᠶᠡᠭᠡ ᠵᠣᠷᠢᠭ ᠰᠠᠨᠠᠭ᠎ᠠ ᠪᠠᠷ ᠨᠠᠮᠴᠢ ᠴᠢᠨᠠᠷ ᠤᠨ ᠪᠣᠯᠪᠠᠰᠤᠷᠠᠯ ᠢ ᠬᠥᠮᠦᠵᠢᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠢᠮᠠᠭᠲᠠ ᠨᠠᠮᠴᠢ ᠴᠢᠨᠠᠷ ᠤᠨ ᠵᠠᠷᠴᠢᠮ ᠢᠶᠠᠷ ᠪᠡᠶ᠎ᠡ ᠪᠠᠨ ᠵᠠᠰᠠᠵᠤ ᠪᠡᠶ᠎ᠡ ᠪᠠᠨ ᠪᠠᠷᠢᠵᠤ᠂ ᠦᠨᠡᠨ ᠬᠦ ᠪᠠᠳᠤ ᠴᠢᠩᠭ᠎ᠠ ᠨᠠᠮᠴᠢ ᠴᠢᠨᠠᠷ ᠢᠶᠠᠷ ᠠᠷᠠᠳ ᠤᠨ ᠢᠲᠡᠭᠡᠯ ᠢ ᠣᠯᠵᠤ᠂ ᠤᠯᠠᠨ ᠲᠦᠮᠡᠨ ᠢ ᠬᠥᠲᠥᠯᠥᠨ ᠳᠠᠭᠠᠭᠤᠯᠬᠤ ᠬᠡᠷᠡᠭᠳᠡᠢ᠃ ᠠᠷᠠᠳ ᠲᠦᠮᠡᠨ ᠳᠤ ᠦᠢᠯᠡᠴᠢᠯᠡᠬᠦ ᠶᠢ ᠴᠢᠷᠮᠠᠶᠢᠨ ᠦᠢᠯᠡᠳᠦᠯᠭᠡᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠢᠮᠠᠭᠲᠠ ᠠᠷᠠᠳ ᠲᠦᠮᠡᠨ ᠢ ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠠᠷᠠᠳ ᠤᠯᠠᠨ ᠤ ᠰᠡᠳᠬᠢᠯ ᠢ ᠮᠡᠳᠡᠭᠴᠢ᠂ ᠲᠤᠳᠤᠨᠤ ᠬᠦᠮᠦᠨ᠂ ᠵᠠᠮᠴᠢᠯᠠᠭᠴᠢ ᠪᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠨᠡᠩ ᠢᠯᠡᠷᠬᠡᠶ ᠪᠣᠳᠠᠲᠤ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠷᠮᠠᠶᠢᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠨᠠᠮ ᠤᠨ ᠲᠡᠦᠬᠡ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠴᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠲᠦᠭᠡᠯᠴᠢ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠵᠤ᠂ ᠨᠠᠮ ᠪᠠ ᠠᠷᠠᠳ ᠲᠦᠮᠡᠨ ᠳᠤ ᠣᠰᠣᠯᠳᠠᠬᠤ ᠦᠭᠡᠢ᠂ ᠲᠡᠦᠬᠡ ᠪᠠ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠲᠥᠪ ᠬᠤᠷᠢᠶ᠎ᠠ ᠲᠥᠪᠡᠳ ᠤᠨ ᠺᠠᠳ᠋ᠷ ᠠᠵᠢᠯᠲᠠᠨ ᠠᠵᠢᠯᠴᠢᠨ ᠢ ᠲᠦᠢᠯ ᠢᠶᠠᠷ ᠬᠠᠯᠠᠮᠵᠢᠯᠠᠵᠤ᠂ ᠲᠥᠪᠡᠳ ᠤᠨ ᠲᠦᠢᠯ ᠤᠨ ᠬᠠᠲᠠᠭᠤᠵᠢᠯᠲᠠᠶ ᠠᠵᠢᠯ ᠠᠮᠢᠳᠤᠷᠠᠯ ᠠᠴᠠ ᠡᠭᠦᠰᠦᠨ᠂ ᠣᠨᠴᠠᠭᠠᠶ ᠴᠠᠯᠢᠩ ᠪᠠ ᠬᠠᠮᠢᠶ᠎ᠠ ᠪᠦᠬᠦᠢ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠠᠢ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠺᠠᠳ᠋ᠷ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠪᠠᠲᠤᠯᠠᠬᠤ ᠠᠵᠢᠯ ᠢ ᠴᠢᠬᠤᠯᠠᠴᠢᠯᠠᠨ᠂ ᠺᠠᠳ᠋ᠷ ᠠᠵᠢᠯᠲᠠᠨ ᠠᠵᠢᠯᠴᠢᠨ ᠤ ᠬᠤᠶᠢᠰᠢᠳᠠ ᠶᠢᠨ ᠵᠣᠪᠠᠨᠢᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠠᠷᠢᠭᠤ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ ᠬᠤᠳᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠠᠬᠠᠮᠠᠳ ᠨᠥᠬᠦᠳ ᠤᠨ ᠲᠥᠯᠥᠭᠡᠯᠡᠭᠴᠢ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ᠂ ᠲᠥᠪᠡᠳ ᠢ ᠲᠤᠰᠠᠯᠠᠬᠤ ᠺᠠᠳ᠋ᠷᠴᠤᠳ ᠤᠨ ᠲᠥᠯᠥᠭᠡᠯᠡᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠱᠠᠰᠢᠨ ᠰᠤᠷᠲᠠᠬᠤᠨ ᠤ ᠡᠲᠡᠭᠡᠳ ᠤᠨ ᠡᠭᠡ ᠣᠷᠣᠨᠴᠢ ᠬᠥᠮᠦᠰ ᠤᠨ ᠲᠥᠯᠥᠭᠡᠯᠡᠭᠴᠢ ᠲᠠᠢ ᠲᠤᠰ ᠲᠤᠰ ᠠᠭᠤᠯᠵᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠴᠠᠰᠤᠲᠤ ᠥᠨᠳᠦᠷᠯᠢᠭ ᠲᠤ ᠴᠢᠷᠮᠠᠶᠢᠨ ᠲᠡᠮᠡᠴᠡᠵᠦ ᠪᠠᠶᠢᠭ᠎ᠠ ᠥᠷᠭᠡᠨ ᠤᠯᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     7 ᠰᠠᠷ᠎ᠠ ᠶᠢᠨ 23 ᠤ ᠡᠳᠦᠷ᠂ ᠰᠢ ᠶᠢᠨ ᠫᠢᠩ ᡀᠠᠰᠠ ᠳᠤ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ ᠰᠢ ᠶᠢᠨ ᠫᠢᠩ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠲᠤᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ︽ᠠᠬᠠᠮᠠᠳ ᠨᠢᠭᠡ ᠦᠶ᠎ᠡ ᠶᠢᠨ ᠲᠥᠪᠡᠳ ᠤᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠲᠥᠪᠡᠳ ᠤᠨ ᠥᠨᠢ ᠤᠳᠠᠭᠠᠨ ᠠᠮᠤᠷ ᠲᠤᠬᠳᠠᠭᠤᠨ ᠪᠠ ᠴᠡᠴᠡᠭᠯᠡᠯ ᠬᠥᠭᠵᠢᠯ ᠢ ᠠᠬᠢᠭᠤᠯᠬᠤ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠣᠳᠣᠬᠠᠨ ᠳᠤ᠂ ᠶᠠᠭ ᠪᠦᠬᠦ ᠤᠯᠤᠰ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠃ ᠰᠢᠨᠵᠢᠯᠡᠨ ᠪᠠᠶᠢᠴᠠᠭᠠᠬᠤ ᠵᠠᠮ ᠳᠠᠭᠠᠨ᠂ ᠰᠢ ᠶᠢᠨ ᠫᠢᠩ ᠡᠾᠧᠨᠠᠨ ᠳᠤ ᠲᠦᠢᠯ ᠤᠨ ᠶᠡᠭᠡ ᠪᠣᠷᠣᠭᠠᠨ ᠤᠷᠤᠭᠰᠠᠨ ᠢ ᠣᠯᠵᠤ ᠮᠡᠳᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠴᠢᠬᠤᠯᠠ ᠵᠢᠭᠠᠪᠤᠷᠢ ᠥᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠳᠠᠭᠠᠯᠳᠤᠭᠰᠠᠨ ᠭᠠᠮᠰᠢᠭ ᠢ ᠴᠢᠩᠭ᠎ᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠣᠷᠣᠨ ᠨᠤᠲᠤᠭ ᠢ ᠢᠳᠡᠪᠬᠢᠲᠡᠶ ᠬᠠᠮᠵᠢᠨ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠶᠢ ᠱᠠᠭᠠᠷᠳᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠰᠤᠨ ᠠᠰᠢᠬᠯᠠᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠭᠠᠵᠠᠷ ᠤᠨ ᠭᠠᠶ ᠭᠠᠮᠰᠢᠭ ᠢ ᠦᠨᠡᠯᠡᠨ ᠵᠢᠱᠢᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠶ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠠᠵᠢᠯ ᠢᠶᠠᠨ ᠦᠨᠡᠨᠬᠦ ᠰᠠᠶᠢᠲᠤᠷ ᠬᠢᠵᠦ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠲᠥᠪᠡᠳ ᠪᠠᠰᠠ ᠡᠳᠡᠭᠡᠷ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠳ᠋ᠢᠩ ᠰᠢᠤᠸᠠᠢ ᠰᠢᠶᠠᠩ᠂ ᠯᠢᠦ ᠡᡁᠧ᠂ ᠶᠠᠩ ᠰᠢᠶᠤᠤ ᠳ᠋ᠦ᠋᠂ ᠵᠠᠩ ᠶᠢᠦ ᠰᠢᠶᠠ᠂ ᠴᠧᠨ ᠰᠢ᠂ ᠡᡁᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠵᠤ᠂ ᠫᠠᠪᠠᠯᠠ · ᠭᠧᠯᠧᠭᠨᠡᠮᠵᠢᠯ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃
    7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ 21 ᠤ ᠦᠳᠡ ᠶᠢᠨ ᠡᠮᠦᠨ᠎ᠠ᠂ ᠰᠢ ᠶᠢᠨ ᠫᠢᠩ ᠨᠢᠰᠭᠡᠯ ᠢᠶᠠᠷ ᠨᠢᠩ ᡂᠢ ᠶᠢᠨ ᠮᠢᠨᠯᠢᠩ ᠨᠢᠰᠭᠡᠯ ᠤᠨ ᠪᠠᠭᠤᠳᠠᠯ ᠳᠤ ᠬᠦᠷᠬᠦ ᠳᠤ᠂ ᠳᠦᠪᠠᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠳᠠᠭᠤᠯᠠᠨ ᠪᠦᠵᠢᠭᠯᠡᠵᠦ᠂ ᠶᠠᠷᠦᠩᠭᠡᠢ ᠱᠦᠵᠢ ᠰᠢ ᠶᠢᠨ ᠫᠢᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠪᠠᠶᠠᠷᠯᠠᠨ ᠤᠭᠳᠤᠵᠦ ᠪᠠᠶᠢᠭ᠎ᠠ ᠨᠢ᠃      ᠰᠢᠨᠬᠤᠧᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠠ
    7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ 21 ᠤ ᠦᠳᠡ ᠶᠢᠨ ᠬᠤᠶᠢᠨ᠎ᠠ᠂ ᠰᠢ ᠶᠢᠨ ᠫᠢᠩ ᠨᠢᠩ ᡂᠢ ᠬᠤᠳᠠ ᠶᠢᠨ ᠪᠠ ᠢ ᠳᠤᠭᠤᠷᠢᠭ ᠤᠨ ᠨᠢᠩ ᡂᠢ ᠪᠠᠯᠭᠠᠰᠤᠨ ᠤ ᠭᠠᠯᠠ ᠳᠤᠰᠬᠤᠨ ᠳᠤ ᠰᠢᠨᠵᠢᠯᠡᠨ ᠪᠠᠶᠢᠴᠠᠭᠠᠬᠤ ᠦᠶ᠎ᠠ ᠳᠤ᠂ ᠳᠤᠰᠬᠤᠨ ᠤ ᠠᠷᠠᠳ ᠤᠨ ᠵᠦᠭ ᠭᠠᠷ ᠳᠠᠯᠠᠯᠤᠨ ᠮᠡᠨᠳᠤᠴᠢᠯᠠᠯ ᠳᠠᠪᠰᠢᠬᠦᠯᠵᠦ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ
     7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᡀᠠᠰᠠ ᠶᠢᠨ ᠪᠠᠷᠠᠭᠤᠨ ᠳᠡᠬᠦᠷᠭᠡ ᠳᠤ ᠪᠠᠶᠢᠷᠢᠯᠠᠵᠦ ᠪᠠᠶᠢᠭ᠎ᠠ ᠪᠷᠢᠪᠧᠩ ᠭᠡᠶᠢᠳ ᠲᠤ ᠰᠢᠨᠵᠢᠯᠡᠨ ᠪᠠᠶᠢᠴᠠᠭᠠᠵᠦ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠬᠦᠳᠡᠷᠯᠡᠪᠠ
     7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ 23 ᠤ ᠦᠳᠡ ᠶᠢᠨ ᠡᠮᠦᠨ᠎ᠠ᠂ ᠰᠢ ᠶᠢᠨ ᠫᠢᠩ ᡀᠠᠰᠠ ᠳᠤ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠵᠦ᠂ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠲᠤᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠬᠦᠳᠡᠷᠯᠡᠪᠠ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号