2021 ᠣᠨ ᠤ ᠳᠡᠭᠡᠷ᠎ᠡ ᠬᠠᠭᠠᠰ ᠵᠢᠯ ᠬᠥᠨᠳᠡᠯᠡᠨ ᠲᠣᠭᠤᠷᠢᠭ ᠤᠨ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠯᠳᠠ ᠲᠠᠢ ᠪᠤᠯᠪᠠ
ᠨᠡᠶᠢᠲᠡᠯᠡᠭᠰᠡᠨ ᠴᠠᠭ᠄
2021/7/30
     2021 ᠣᠨ ᠤ ᠳᠡᠭᠡᠷ᠎ᠡ ᠬᠠᠭᠠᠰ ᠵᠢᠯ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ᠦᠢᠯᠡᠳᠪᠦᠷᠢᠯᠡᠯ ᠤᠨ ᠬᠡᠷᠡᠭᠴᠡᠭᠡ ᠦᠷᠭᠦᠯᠵᠢᠯᠡᠨ ᠳᠡᠭᠡᠭᠰᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠱᠢᠯᠲᠡ ᠰᠠᠶᠢᠵᠢᠷᠠᠵᠤ᠂ ᠠᠵᠤ ᠠᠬᠤᠢ ᠶᠢᠨ ᠬᠥᠭᠵᠢᠯᠲᠡ ᠳᠤ ᠲᠣᠭᠲᠠᠭᠤᠨ ᠤ ᠳᠤᠮᠳᠠ ᠪᠠᠬᠢᠵᠢᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃      ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ᠂ ᠬᠥᠨᠳᠡᠯᠡᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 506.7 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠶᠡᠷᠦᠩᠬᠡᠢ ᠬᠡᠮᠵᠢᠶᠡᠨ ᠤ 31.1 %   ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.7 % ᠪᠠᠷ ᠨᠡᠮᠡᠭᠳᠡᠵᠦ᠂ ᠲᠦᠷᠦᠬᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 2.8 ᠬᠤᠪᠢ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 7.6 % ᠪᠠᠷ ᠨᠡᠮᠡᠭᠳᠡᠵᠦ᠂ ᠪᠦᠬᠦ ᠬᠤᠳᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ ᠪᠣᠯᠵᠠᠢ᠃ ᠡᠭᠦᠨ ᠳᠤ ᠨᠢᠭᠡᠳᠦᠭᠡᠷ ᠠᠵᠤ  ᠦᠢᠯᠡᠰ 1.07 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.7 % ᠪᠠᠷ ᠨᠡᠮᠡᠭᠳᠡᠵᠤ᠂ ᠬᠤᠶᠠᠳᠤᠭᠠᠷ ᠠᠵᠤ ᠦᠢᠯᠡᠰ 226.57 ᠳ᠋ᠦᠩᠰᠢᠭᠤᠷ ᠲᠥᠭᠦᠷᠢᠭ  ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16.9% ᠪᠠᠷ  ᠨᠡᠮᠡᠭᠳᠡᠵᠤ᠂ ᠭᠤᠷᠪᠠᠳᠤᠭᠠᠷ ᠠᠵᠤ ᠦᠢᠯᠡᠰ 279.06 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠵᠤ᠂ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠦᠲᠦᠴᠡ 0.21᠄ 44.72᠄ 55.07 ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.0% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ  ᠵᠠᠭᠤᠨ ᠤ ᠬᠠᠷᠢᠴᠠᠯ ᠢᠶᠠᠷ 0.7  ᠬᠤᠪᠢ ᠲᠦᠷᠭᠡᠨ ᠪᠣᠯᠵᠣ᠂ ᠬᠤᠶᠠᠷ ᠵᠢᠯ ᠳᠤ ᠲᠡᠭᠰᠢᠳᠭᠡᠭᠡᠳ17.1% ᠪᠠᠷ ᠨᠡᠮᠡᠭᠳᠡᠵᠦ᠂ ᠪᠥᠬᠦ ᠬᠤᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4.1 ᠬᠤᠪᠢ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 21.5 ᠬᠤᠪᠢ ᠪᠠᠭᠤᠷᠠᠵᠤ᠂ ᠬᠤᠶᠠᠷ ᠵᠢᠯ ᠳᠤ ᠲᠡᠭᠰᠢᠳᠭᠡᠭᠡᠳ 9.7% ᠪᠠᠷ ᠨᠡᠮᠡᠭᠳᠡᠵᠦ᠂ ᠪᠥᠬᠦ ᠬᠤᠲᠠ ᠶᠢᠨ ᠵᠢᠯ ᠤ ᠲᠡᠭᠰᠢᠳᠭᠡᠭᠰᠡᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 5.7 ᠬᠤᠪᠢ ᠥᠨᠳᠥᠷ ᠪᠣᠯᠪᠠ︔  ᠨᠡᠶᠢᠬᠡᠮ ᠤᠨ ᠬᠡᠷᠡᠭᠯᠡᠭᠡᠨ ᠤ  ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 156.57 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠬᠤᠲᠠ ᠶᠢᠨ ᠶᠡᠷᠦᠩᠬᠡᠢ ᠬᠡᠮᠵᠢᠶᠡᠨ ᠤ 32.9% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16.1%   ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠪᠠᠭᠤᠷᠠᠵᠤ᠂ ᠬᠤᠶᠠᠷ ᠵᠢᠯ ᠳᠤ ᠲᠡᠭᠰᠢᠳᠭᠡᠭᠡᠳ 0.2% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠦᠬᠦ ᠬᠤᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ  ᠵᠠᠭᠤᠨ ᠤ ᠬᠠᠷᠢᠴᠠᠯ ᠢᠶᠠᠷ 0.6 ᠬᠤᠪᠢ ᠳᠣᠣᠷ᠎ᠠ ᠪᠣᠯᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27519 ᠲᠥᠭᠦᠷᠢᠭ ᠲᠤ ᠬᠦᠷᠴᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 621 ᠲᠥᠭᠦᠷᠢᠭ ᠥᠨᠳᠥᠷ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠲᠦᠷᠦᠬᠦᠦ ᠤᠯᠠᠷᠢᠯ ᠤᠨ ᠬᠢ ᠠᠴᠠ  ᠵᠠᠭᠤᠨ ᠤ  ᠬᠠᠷᠢᠴᠠᠯ ᠢᠶᠠᠷ  3.7 ᠬᠤᠪᠢ ᠪᠠᠭᠤᠷᠠᠵᠤ᠂ ᠬᠤᠶᠠᠷ ᠵᠢᠯ ᠳᠤ ᠲᠡᠭᠰᠢᠳᠭᠡᠭᠡᠳ 3.8% ᠨᠡᠮᠡᠭᠳᠡᠵᠦ᠂ ᠪᠥᠬᠦ ᠬᠤᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.2 ᠬᠤᠪᠢ ᠳᠤᠤᠷ᠎ᠠ ᠪᠣᠯᠪᠠ︔ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ ᠨᠡᠶᠢᠲᠡ 16.04 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠬᠤᠲᠠ ᠶᠢᠨ ᠶᠡᠷᠦᠩᠬᠡᠢ ᠬᠡᠮᠵᠢᠶᠡᠨ ᠤ 19.31% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ  ᠵᠠᠭᠤᠨ ᠤ ᠬᠠᠷᠢᠴᠠᠯ ᠢᠶᠠᠷ 11.6 ᠬᠤᠪᠢ ᠪᠠᠭᠤᠷᠠᠪᠠ᠃
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号