ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠬᠢᠯᠠᠯᠵᠠᠬᠰᠠᠨ ︽ᠬᠢᠷᠢ ᠪᠦᠲᠦᠮᠵᠢ ᠶᠢᠨ ᠬᠠᠭᠤᠳᠠᠰᠤ︾ ᠶᠢ ᠲᠤᠰᠢᠶᠠᠯ᠎ᠠ
ᠨᠡᠶᠢᠲᠡᠯᠡᠭᠰᠡᠨ ᠴᠠᠭ᠄
2021/8/12
     ᠡᠨᠡ ᠵᠢᠯ ᠠᠴᠠ ᠨᠠᠭᠠᠰᠢ᠂ ᠮᠠᠨ ᠤ ᠲᠤᠭᠤᠷᠢᠭ ᠬᠤᠲᠠ ᠪᠠᠯᠭᠠᠰᠤᠨ ᠤ 8275 ᠬᠥᠮᠦᠨ ᠳᠤ ᠰᠢᠨ᠎ᠡ ᠪᠠᠷ ᠠᠵᠢᠯ ᠣᠯᠭᠤᠵᠤ᠂ 4060 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 1255 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠬᠰᠠᠨ 3616 ᠬᠥᠮᠦᠨ ᠳᠤ ᠳᠠᠬᠢᠨ ᠠᠵᠢᠯ ᠣᠯᠭᠤᠪᠠ︔ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 6.6 ᠲᠦᠮᠡᠨ ᠬᠥᠮᠦᠨ᠂ 2.69 ᠲᠦᠮᠡᠨ ᠬᠥᠮᠦᠨ ᠪᠠ 2.4 ᠲᠦᠮᠡᠨ ᠬᠥᠮᠦᠨ ᠳᠤ ᠬᠦᠷᠴᠦ᠂ ᠠᠵᠤ ᠠᠬᠤᠶᠢᠯᠠᠯ ᠤᠨ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ 18701 ᠬᠦᠮᠦᠨ ᠳᠤ ᠡᠯ᠎ᠡ ᠲᠥᠷᠥᠯ ᠤᠨ ᠬᠠᠷᠠᠭᠠᠯᠵᠠᠯ ᠤᠨ ᠮᠦᠩᠬᠦ ᠶᠢ 3.89 ᠳ᠋ᠦᠩᠰᠢᠭᠤᠷ ᠲᠥᠭᠦᠷᠢᠭ ᠲᠠᠷᠬᠠᠭᠠᠵᠠᠢ︔ ᠴᠠᠯᠢᠩ ᠢ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠠᠵᠢᠯ ᠢ ᠯᠠᠪᠳᠠᠭᠤᠨ ᠠᠬᠢᠭᠤᠯᠵᠤ᠂ 352 ᠡᠯ᠎ᠡ ᠲᠥᠷᠥᠯ ᠤᠨ ᠠᠵᠤ ᠠᠬᠤᠶᠢᠯᠠᠯ ᠢ ᠪᠠᠶᠢᠴᠠᠭᠠᠵᠤ᠂ ᠡᠯ᠎ᠡ ᠲᠥᠷᠥᠯ ᠤᠨ ᠴᠠᠯᠢᠩ ᠢ ᠥᠷᠢᠲᠦᠭᠰᠡᠨ 329 ᠬᠡᠷᠡᠭ ᠢ ᠰᠢᠢᠳᠪᠦᠷᠢᠯᠡᠵᠤ᠂ 1558 ᠬᠥᠳᠡᠯᠮᠦᠷᠢᠯᠡᠭᠴᠢ ᠶᠢᠨ 2743.39 ᠲᠦᠮᠡᠨ ᠲᠥᠭᠦᠷᠢᠭ ᠤᠨ ᠴᠠᠯᠢᠩ ᠳᠤ ᠬᠤᠯᠪᠣᠭᠳᠠᠪᠠ᠃   ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号