8 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠡᠰᠡᠭ | ᠠᠵᠤ ᠠᠬᠤᠶᠢᠯᠠᠯ᠂ ᠵᠡᠭᠡᠯᠢ ᠭᠤᠳᠤᠮᠵᠢ ᠬᠡᠷ ᠬᠤᠷᠢᠶᠠᠯᠠᠯ ᠪᠣᠯᠤᠨ ᠭᠠᠴᠠᠭ᠎ᠠ ᠳᠤ ᠭᠦᠨᠵᠡᠭᠡᠶᠢᠷᠡᠵᠦ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠡᠷ ᠬᠤᠷᠢᠶᠠᠯᠠᠯ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ | ᠃ | ᠲᠤᠭᠤᠷᠢᠭ ᠤᠨ ᠤᠳᠤᠷᠢᠳᠤᠯᠭ᠎ᠠ ᠮᠠ ᠹᠦ᠋᠂ ᠮᠢ ᠯᠢ ᠰᠢᠨ᠂ ᠶᠢᠨ ᠹᠧᠶ ᠯᠦᠩ ᠪᠠᠷ᠎ᠠ ᠪᠣᠯᠵᠤ ᠪᠠᠶᠢᠴᠠᠭᠠᠨ | ᠰᠤᠳᠤᠯᠪᠡ᠃ | | ︽ᠠᠵᠤ ᠠᠬᠤᠶᠢᠯᠠᠯ ᠤᠨ ᠦᠷ᠎ᠡ ᠠᠰᠢᠭ ᠶᠠᠮᠠᠷ ᠵᠡᠷᠭᠡ ᠪᠠᠶᠢᠨ᠎ᠠ︖︾ ︽ᠨᠠᠮ ᠤᠨ ᠪᠠᠶᠢᠭᠤᠯᠤᠯᠲᠠ ᠶᠢᠨ | ᠠᠵᠢᠯ ᠨᠢ ᠠᠵᠤ ᠠᠬᠤᠶᠢᠯᠠᠯ ᠤᠨ ᠬᠥᠭᠵᠢᠯᠲᠡ ᠳᠤ ᠶᠠᠮᠠᠷ ᠦᠢᠯᠡᠳᠦᠯ ᠦᠵᠡᠭᠦᠯᠦᠭᠰᠡᠨ ᠪᠤᠢ︖ ︾ ᠶᠢᠨ ᠶᠦᠩ | ᠯᠢ ᠶᠠᠨ ᠵᠢᠩ ᠫᠢᠸᠤ᠋ ︵ ᠪᠤᠭᠤᠲᠣ ᠶᠢᠨ ᠴᠠᠰᠤᠲᠤ ᠪᠣᠭᠤ ︶ ᠬᠤᠪᠢ ᠣᠷᠣᠭᠤᠯᠣᠭᠰᠠᠨ ᠬᠤᠪᠢᠴᠠᠭᠠᠳᠤ ᠬᠢᠵᠠᠭᠠᠷᠲᠤ | ᠺᠣᠮᠫᠠᠨᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ ᠬᠦᠷᠴᠦ᠂ ᠠᠵᠤ ᠠᠬᠤᠶᠢᠯᠠᠯ ᠤᠨ ᠨᠠᠮ ᠤᠨ | ᠬᠤᠷᠢᠶᠠᠨ ᠤ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ | ᠬᠥᠭᠵᠢᠯᠲᠡ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ | ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠵᠤ ᠠᠮᠢᠳᠤᠯᠢᠭ ᠬᠡᠷᠡᠭᠯᠡᠵᠦ᠂ ᠨᠠᠮ ᠤᠨ ᠳᠣᠲᠣᠭᠠᠳᠤ ᠶᠢᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠢ ᠨᠠᠷᠢᠯᠢᠭ ᠠᠳᠬᠤᠵᠤ ᠪᠣᠳᠠᠲᠠᠢ ᠠᠳᠬᠤᠵᠤ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠨᠠᠮ ᠤᠨ | ᠪᠠᠶᠢᠭᠤᠯᠤᠯᠲᠠ ᠶᠢᠨ ᠠᠵᠢᠯ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠰᠠᠶᠢᠲᠤᠷ | ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠢ ᠵᠡᠷᠭᠡ ᠪᠠᠷ ᠲᠥᠯᠥᠪᠵᠢᠭᠦᠯᠵᠦ | ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠬᠢᠨᠠᠨ ᠰᠢᠯᠭᠠᠵᠤ᠂ ᠵᠡᠷᠭᠡ ᠪᠠᠷ ᠬᠢᠨᠠᠯᠲᠠ ᠲᠠᠯᠪᠢᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠪᠤᠷᠬᠠᠨᠲᠤ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠲᠤ᠂ ᠶᠢᠨ ᠶᠦᠩ ᠯᠢ | ᠭᠠᠴᠠᠭᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠠᠮᠲᠤ ᠶᠢᠨ ᠠᠵᠤ ᠠᠬᠤᠶ ᠶᠢᠨ ᠬᠥᠭᠵᠢᠯᠲᠡ᠂ | ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠵᠡᠷᠭᠡ ᠠᠵᠢᠯ ᠤᠨ | ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠶᠢᠨ ᠶᠦᠩ ᠯᠢ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ᠤᠯᠠᠨ ᠲᠦᠮᠡᠨ ᠢ ᠳᠠᠭᠠᠭᠤᠯᠤᠨ ᠠᠵᠢᠯ ᠬᠢᠵᠦ ᠦᠢᠯᠡᠰ ᠪᠤᠰᠬᠠᠬᠤ ︽ᠡᠮᠦᠨ᠎ᠡ ᠹᠷᠣᠨᠲ︾ | ᠪᠣᠯᠤᠨ᠎ᠠ᠂ ᠭᠠᠴᠠᠭᠠᠨ ᠤ ᠨᠠᠮ ᠤᠨ ᠡᠭᠦᠷ ᠨᠢ ᠬᠡᠳᠦ᠋ᠢᠪᠡᠷ ᠪᠠᠭ᠎ᠠ ᠪᠣᠯᠪᠠᠴᠤ ᠪᠠᠶᠢᠷᠢ ᠰᠠᠭᠤᠷᠢ ᠪᠠ ᠦᠢᠯᠡᠳᠦᠯ ᠨᠢ | ᠲᠦᠢᠯ ᠤᠨ ᠴᠢᠬᠤᠯᠠ ᠶᠤᠮ᠃ ᠨᠠᠮ ᠤᠨ ᠡᠭᠦᠷ ᠤᠨ ᠱᠦᠵᠢ ᠰᠠᠶᠢᠲᠤᠷ ᠲᠦᠷᠦᠭᠦᠯᠡᠨ ᠬᠢᠵᠦ᠂ ᠨᠠᠮ ᠤᠨ ᠡᠭᠦᠷ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠯᠠᠨ ᠢᠶᠠᠷ ᠢᠶᠠᠨ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ | ᠨᠢᠭᠡᠲᠡᠢ ᠪᠠᠶᠢᠵᠤ᠂ ᠪᠠᠬᠢᠯᠡᠯᠲᠡ ᠶᠢ ᠦᠨᠡᠨᠬᠦ ᠬᠦᠴᠦᠷᠬᠡᠭᠵᠢᠭᠦᠯᠵᠦ᠂ ᠪᠠᠬᠢᠯᠡᠯᠲᠡ ᠶᠢ ᠪᠠᠲᠤ ᠰᠠᠬᠢᠬᠤ ᠬᠡᠷᠡᠭᠲᠡᠢ᠃ | ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠬᠤ ᠶᠢ ᠪᠠᠷᠢᠮᠲᠠᠯᠠᠵᠤ᠂ ᠭᠠᠴᠠᠭᠠᠨ ᠤ ᠠᠯᠤᠰ ᠬᠡᠲᠦ ᠶᠢᠨ | ᠬᠥᠭᠵᠢᠯᠲᠡ ᠶᠢ ᠨᠠᠷᠢᠨ ᠬᠢᠨᠠᠮᠠᠭᠠᠶ ᠲᠥᠯᠥᠪᠵᠢᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠰᠠᠶᠢᠵᠢᠷᠠᠯᠲᠠ ᠶᠢ | ᠦᠷᠭᠦᠯᠵᠢᠯᠡᠨ ᠠᠬᠢᠭᠤᠯᠵᠤ᠂ ᠬᠥᠳᠡᠭᠡ ᠲᠤᠰᠬᠤᠨ ᠤ ᠪᠣᠯᠪᠠᠰᠤᠨ ᠰᠤᠷᠲᠠᠯ ᠢ ᠢᠳᠡᠪᠬᠢᠲᠡᠶ ᠪᠤᠶᠢᠵᠢᠭᠤᠯᠵᠤ᠂ | ᠭᠠᠴᠠᠭᠠᠨ ᠤ ᠣᠯᠠᠨ ᠲᠦᠮᠡᠨ ᠢ ᠳᠠᠭᠠᠭᠤᠯᠤᠨ ᠠᠮᠢᠳᠤᠷᠠᠯ ᠢ ᠨᠢ ᠨᠠᠩ ᠥᠭᠡᠳᠡ ᠡᠰᠡᠷᠡᠭ ᠪᠣᠯᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠲᠠᠷᠠᠭ᠎ᠠ ᠨᠢ᠂ ᠶᠢᠨ ᠶᠦᠩ ᠯᠢ ᠨᠡᠷ ᠨᠥᠬᠦᠷᠯᠡᠯ ᠵᠡᠭᠡᠯᠢ ᠭᠤᠳᠤᠮᠵᠢ ᠶᠢᠨ ᠪᠤᠯᠤᠳ 38# ᠬᠡᠷ | ᠬᠤᠷᠢᠶᠠᠯᠠᠯ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠬᠦᠨᠳᠡᠯᠡᠨ ᠦᠢᠯᠡᠳᠪᠦᠷᠢᠴᠢᠨ ᠤ ᠵᠠᠮ ᠤᠨ | ᠵᠡᠭᠡᠯᠢ ᠭᠤᠳᠤᠮᠵᠢ ᠶᠢᠨ ᠵᠡᠭᠦᠨ ᠨᠥᠬᠦᠷᠯᠡᠯ 22 ᠬᠡᠷ ᠬᠤᠷᠢᠶᠠᠯᠠᠯ ᠤᠨ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠪᠣᠯᠤᠨ ᠬᠠᠳᠤᠨ ᠭᠤᠣᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠪᠦᠦ ᠯᠢ ᠰᠢᠨ | ᠬᠤᠸᠠ ᠬᠡᠷ ᠬᠤᠷᠢᠶᠠᠯᠠᠯ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠡᠯ᠎ᠡ | ᠬᠡᠷ ᠬᠤᠷᠢᠶᠠᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠪᠠᠶᠢᠭᠤᠯᠤᠯᠳᠠ ᠶᠢᠨ | ᠦᠢᠯᠡᠳᠦᠯ ᠢ ᠪᠠᠳᠠᠷᠠᠭᠤᠯᠵᠤ ᠪᠠᠶᠢᠬᠤ᠂ ᠤᠨᠴᠠᠯᠢᠬᠳᠤ ᠠᠵᠢᠯᠯᠠᠭ᠎ᠠ ᠶᠢ ᠥᠷᠨᠢᠭᠦᠯᠵᠦ ᠪᠠᠶᠢᠬᠤ ᠵᠡᠷᠭᠡ ᠪᠠᠶᠢᠳᠠᠯ ᠢ | ᠨᠠᠷᠢᠨ ᠣᠶᠢᠯᠠᠭᠠᠵᠤ᠂ ᠬᠡᠷ ᠬᠤᠷᠢᠶᠠᠯᠠᠯ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠬᠡᠷ ᠬᠤᠷᠢᠶᠠᠯᠠᠯ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠡᠷᠬᠢᠨ ᠨᠡᠩ ᠰᠠᠶᠢᠲᠤᠷ ᠴᠢᠩᠭᠠᠳᠬᠠᠬᠤ᠂ ᠦᠨᠳᠦᠰᠦᠨ | ᠱᠠᠲᠤᠨ ᠤ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ | ᠲᠤᠬᠠᠢ ᠬᠠᠮᠲᠤ ᠪᠠᠷ ᠰᠤᠳᠤᠯᠤᠨ ᠶᠠᠷᠢᠯᠴᠠᠵᠤ ᠶᠢᠨ ᠬᠠᠮᠲᠤ ᠡᠯ᠎ᠡ ᠬᠡᠷ ᠬᠤᠷᠢᠶᠠᠯᠠᠯ ᠤᠨ ᠠᠵᠢᠯ ᠢ ᠨᠤᠲᠠᠯᠠᠪᠠ᠃ | ᠶᠢᠨ ᠶᠦᠩ ᠯᠢ᠂ ᠬᠡᠷ ᠬᠤᠷᠢᠶᠠᠯᠠᠯ ᠪᠣᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠴᠢᠬᠤᠯᠠ | ᠵᠢᠭᠰᠠᠭᠠᠯ ᠤᠨ ᠭᠠᠵᠠᠷ ᠮᠥᠨ᠂ ᠬᠡᠷ ᠬᠤᠷᠢᠶᠠᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ | ᠭᠠᠵᠠᠷ᠂ ᠪᠠᠬᠢᠯᠡᠯᠲᠡ᠂ ᠬᠡᠷ ᠣᠷᠣᠨ ᠤ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠲᠦᠮᠡᠨ ᠢ ᠨᠠᠩ | ᠰᠠᠶᠢᠳᠤᠷ ᠵᠣᠬᠢᠶᠠᠨ ᠪᠠᠶᠢᠭᠤᠯᠵᠤ᠂ ᠣᠯᠠᠨ ᠲᠦᠮᠡᠨ ᠳᠤ ᠤᠬᠠᠭᠤᠯᠭ᠎ᠠ ᠬᠢᠵᠦ᠂ ᠣᠯᠠᠨ ᠲᠦᠮᠡᠨ ᠢ ᠨᠢᠭᠲᠠᠷᠠᠭᠤᠯᠵᠤ᠂ | ᠣᠯᠠᠨ ᠲᠦᠮᠡᠨ ᠳᠤ ᠦᠢᠯᠡᠴᠢᠯᠡᠵᠤ᠂ ᠥᠷᠭᠡᠨ ᠣᠯᠠᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ | ᠪᠦᠯᠬᠦᠮᠳᠡᠭᠦᠯᠵᠦ᠂ ᠤᠬᠠᠮᠰᠠᠷ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠳᠦᠯᠦᠨ | ᠲᠠᠭᠠᠭᠤᠯᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ | ᠥᠷᠨᠢᠭᠦᠯᠬᠦ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠲᠠᠢ ᠤᠶᠠᠯᠳᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ | ᠦᠢᠯᠡᠳᠦᠯ ᠢ ᠲᠤᠪᠤᠶᠢᠯᠭᠠᠨ᠂ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠭᠤᠯᠬᠤ ᠬᠦᠴᠦᠨ᠂ ᠲᠠᠶᠢᠴᠢᠨ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠶᠢᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠰᠠᠶᠢᠨ ᠶᠠᠪᠤᠳᠠᠯ ᠪᠤᠳᠠᠳᠤ | ᠶᠠᠪᠤᠳᠠᠯ ᠢ ᠰᠡᠳᠬᠢᠯ ᠲᠠᠯᠪᠢᠨ ᠦᠨᠡᠨ ᠰᠡᠳᠬᠢᠯᠬᠡ ᠲᠠᠢ ᠪᠠᠷ ᠬᠦᠴᠦᠯᠠᠨ ᠰᠠᠶᠢᠲᠤᠷ ᠬᠢᠵᠦ᠂ ︽ᠪᠢ ᠣᠯᠠᠨ | ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ | ᠦᠨᠳᠦᠰᠦᠨ ᠱᠠᠲᠤᠨ ᠤ ᠬᠦᠴᠢᠷ ᠠᠰᠠᠭᠤᠳᠠᠯ ᠠᠷᠠᠳ ᠤᠯᠠᠨ ᠤ ᠵᠤᠪᠠᠨᠢᠵᠤ ᠪᠠᠶᠢᠭ᠎ᠠ ᠶᠠᠪᠤᠳᠠᠯ ᠢ ᠦᠨᠡᠨ ᠪᠤᠳᠠᠳᠠᠢ | ᠰᠠᠶᠢᠲᠤᠷ ᠰᠢᠢᠳᠪᠦᠷᠢᠯᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠵᠤ᠂ ᠦᠵᠡᠯ | ᠰᠠᠨᠠᠭ᠎ᠠ ᠪᠠᠨ ᠤᠯᠠᠮ ᠴᠢᠨᠠᠭᠰᠢᠳᠠ ᠴᠢᠯᠥᠭᠡᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ᠂ | ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠴᠣᠭᠴᠠ ᠶᠢ ᠪᠠᠶᠢᠭᠤᠯᠬᠤ ᠬᠡᠷᠡᠭᠲᠡᠢ ᠬᠡᠵᠤ | ᠴᠢᠬᠤᠯᠠᠴᠢᠯᠠᠪᠠ᠃ ︵ᠰᠤᠷᠪᠤᠯᠵᠢᠯᠠᠭᠴᠢ᠄ ᠹᠧᠩ ᠰᠢᠤᠸᠠᠢ᠂ ᠬᠤᠤ ᠸᠧᠢ ᠬᠢᠨᠠᠬᠰᠠᠨ ᠨᠢ᠄ ᠲᠣᠭᠤᠷᠢᠭ ᠤᠨ | ᠨᠠᠮ ᠤᠨ ᠬᠤᠷᠢᠶᠠᠨ ᠤ ᠠᠯᠪᠠᠨ ᠭᠡᠷ ᠨᠠᠶᠢᠷᠠᠭᠤᠯᠤᠭᠴᠢ᠄ ᠶᠠᠩ ᠵᠢᠶᠤᠤ᠂ ᠵᠧᠦ ᠷᠦ︶ | |