ᠠᠩᠬᠠᠷ︕ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠴᠠ 30 ᠮᠢᠨᠦ᠋ᠲ ᠤᠨ ᠡᠮᠦᠨ᠎ᠡ  ᠲᠠᠮᠠᠬᠢ ᠲᠠᠲᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2021/8/17
       ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠤ ᠬᠦᠷᠴᠦ  ᠥᠯᠢᠭᠡᠷ  ᠠᠪᠴᠤ  ᠰᠢᠯᠭᠠᠨ  ᠪᠠᠶᠢᠴᠠᠭᠠᠯᠳᠠ ᠬᠢᠬᠦ ᠳᠤ ᠶᠠᠭᠤ ᠠᠩᠬᠠᠷᠬᠤ ᠴᠢᠬᠤᠯᠠ ᠲᠠᠢ ᠪᠤᠢ︖              ᠬᠤᠪᠢ ᠬᠥᠮᠦᠨ ᠤ ᠬᠦᠴᠦᠨ ᠪᠥᠬᠦᠶ ᠦᠨᠡᠮᠯᠡᠯ ᠢᠶᠠᠨ ᠠᠪᠴᠤ ᠤᠴᠢᠬᠤ ᠬᠡᠷᠡᠭᠲᠡᠶ︔                  ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ  ᠲᠠᠲᠠᠬᠤ᠂  ᠠᠷᠢᠬᠢ  ᠤᠤᠭᠤᠬᠤ᠂  ᠪᠣᠬᠢ  ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ︔              ᠰᠢᠯᠭᠠᠨ  ᠪᠠᠶᠢᠴᠠᠭᠠᠬᠤ  ᠦᠶ᠎ᠡ ᠳᠤ  ᠰᠢᠯᠭᠠᠨ   ᠪᠠᠶᠢᠴᠠᠭᠠᠭᠴᠢ   ᠠᠮᠠᠪᠴᠢ ᠪᠠᠨ   ᠵᠥᠪ   ᠵᠡᠭᠦᠵᠦ᠂   ᠰᠢᠯᠭᠠᠨ ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ ᠬᠡᠷᠡᠭᠲᠡᠶ︔                     ᠰᠢᠯᠭᠠᠨ ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂  ᠪᠤᠰᠤᠳ ᠲᠠᠢ 1 ᠮᠧᠲᠷ ᠠᠴᠠ ᠳᠡᠭᠡᠭᠰᠢᠬᠢ ᠵᠠᠶ ᠶᠢ ᠪᠠᠲᠤᠯᠠᠵᠤ᠂ ᠶᠠᠷᠢᠯᠴᠠᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠳᠠᠢ︔              ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠮᠡᠷᠭᠡᠨ ᠴᠤᠬᠤᠷ ᠰᠢᠷᠪᠢᠬᠦ᠂ ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠬᠦᠯᠬᠦ ᠬᠡᠷᠡᠭᠳᠠᠢ︔                   ᠬᠠᠮᠠᠷ ᠤᠨ ᠬᠦᠨᠳᠡᠢ ᠪᠠᠷ ᠦᠯᠢᠬᠡᠷ ᠭᠡᠪ ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂  ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ  ᠦᠭᠡᠢ᠂  ᠬᠡᠷᠪᠡ  ᠴᠢᠰᠤ  ᠶᠡᠭᠡ  ᠭᠠᠷᠤᠭᠰᠠᠨ  ᠪᠠᠶᠢᠪᠠᠯ  ᠴᠠᠭ  ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃                ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠶ ᠶᠢᠨ  ᠡᠳᠦᠷ  ᠰᠢᠨ᠎ᠡ  ᠲᠢᠲᠢᠮᠯᠢᠭ  ᠸᠢᠷᠦ᠋ᠰ ᠤᠨ  ᠸᠠᠺᠼᠢᠨ ᠢ ᠳᠠᠷᠢᠪᠠᠯ᠂ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号