ᠬᠥᠨᠳᠡᠯᠡᠨ ᠲᠣᠭᠤᠷᠢᠭ ᠤᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠣᠯᠤᠭᠰᠠᠨ ᠬᠥᠮᠦᠨ ᠠᠮᠠ ᠶᠢᠨ ᠮᠡᠳᠡᠭᠡ ᠵᠠᠩᠭᠢ ᠨᠢ ᠪᠦᠬᠦ ᠲᠤᠭᠤᠷᠢᠭ ᠤᠨ ᠬᠥᠮᠦᠨ ᠠᠮᠠ ᠶᠢᠨ | ᠦᠨᠳᠦᠰᠦᠨ ᠪᠠᠶᠢᠳᠠᠯ ᠪᠣᠯᠤᠨ ᠠᠷᠪᠠᠨ ᠵᠢᠯ ᠤᠨ ᠲᠤᠷᠰᠢᠬᠢ ᠬᠥᠭᠵᠢᠯᠲᠡ ᠬᠤᠪᠢᠷᠠᠯᠲᠠ᠂ ᠪᠦᠬᠦ ᠲᠤᠭᠤᠷᠢᠭ ᠤᠨ | ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠢ ᠬᠡᠮᠵᠢᠶ᠎ᠡ ᠵᠢᠴᠢ ᠪᠦᠲᠦᠴᠡ ᠶᠢᠨ ᠬᠥᠭᠵᠢᠯᠲᠡ ᠳᠤ ᠢᠯᠡᠷᠡᠭᠰᠡᠨ | ᠰᠢᠨ᠎ᠡ ᠣᠨᠴᠠᠯᠢᠭ ᠪᠣᠯᠤᠨ ᠰᠢᠨ᠎ᠡ ᠬᠠᠨᠳᠤᠰᠢ ᠶᠢ ᠦᠨᠡᠨ ᠪᠣᠳᠠᠲᠠᠢ ᠪᠦᠷᠢᠨ ᠪᠦᠲᠦᠨ ᠲᠤᠰᠬᠠᠵᠠᠢ᠃ | ᠨᠢᠭᠡ᠂ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠢ ᠬᠡᠮᠵᠢᠶ᠎ᠡ ᠨᠡᠮᠡᠭᠳᠡᠯ ᠢᠶᠠᠨ ᠪᠠᠲᠤᠯᠠᠵᠤ᠂ ᠪᠦᠬᠦ | ᠬᠤᠲᠠ ᠶᠢᠨ ᠬᠥᠮᠦᠨ ᠠᠮᠠ ᠳᠤ ᠡᠵᠡᠯᠡᠬᠦ ᠬᠤᠪᠢ ᠶᠢᠨ ᠵᠢᠩ ᠪᠠᠭ᠎ᠠ ᠬᠡᠮᠵᠢᠶ᠎ᠡ ᠪᠠᠷ ᠳᠡᠭᠡᠭᠰᠢᠯᠡᠪᠡ᠃ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠣᠰ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠢᠯᠡᠷᠡᠬᠦᠯᠦᠭᠰᠡᠨ ᠢᠶᠠᠷ᠂ ᠪᠥᠬᠦ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 787681 | ᠪᠠᠶᠢᠵᠤ᠂ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | 726838 ᠬᠥᠮᠦᠨ ᠲᠠᠢ ᠬᠠᠷᠢᠴᠠᠭᠤᠯᠪᠠᠯ᠂ ᠠᠷᠪᠠᠨ ᠵᠢᠯ ᠳᠤ ᠨᠡᠶᠢᠲᠡ 60843 ᠬᠥᠮᠦᠨ ᠨᠡᠮᠡᠭᠳᠡᠵᠦ᠂ 8. | 37% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠨᠣᠷᠮ᠎ᠠ 2.23% ᠠᠴᠠ ᠵᠠᠭᠤᠨ ᠤ ᠬᠠᠷᠢᠴᠠᠯ ᠢᠶᠠᠷ | 6.14 ᠬᠤᠪᠢ ᠥᠨᠳᠥᠷ ᠪᠠᠶᠢᠵᠤ᠂ ᠵᠢᠯ ᠳᠤᠮᠳᠠᠴᠢ ᠶᠢᠨ ᠨᠡᠮᠡᠭᠳᠡᠯ ᠤᠨ ᠨᠣᠷᠮ᠎ᠠ ᠨᠢ 0.81% ᠪᠠᠶᠢᠵᠤ᠂ ᠪᠥᠬᠦ | ᠬᠤᠲᠠ ᠶᠢᠨ ᠵᠢᠯ ᠲᠤᠮᠳᠠᠴᠢ ᠶᠢᠨ 0.22% ᠤᠨ ᠨᠡᠮᠡᠭᠳᠡᠯ ᠤᠨ ᠨᠤᠷᠮ᠎ᠠ ᠠᠴᠠ ᠵᠠᠭᠤᠨ ᠤ ᠬᠠᠷᠢᠴᠠᠯ ᠢᠶᠠᠷ 0.59 | ᠬᠤᠪᠢ ᠥᠨᠳᠥᠷ ᠪᠠᠶᠢᠨ᠎ᠠ᠃ 2000 ᠤᠨ — 2010 ᠣᠨ ᠳᠠᠬᠢ ᠵᠢᠯ ᠲᠤᠮᠳᠠᠴᠢ ᠶᠢᠨ ᠲᠡᠭᠰᠢᠳᠭᠡᠭᠰᠡᠨ | ᠨᠡᠮᠡᠭᠳᠡᠯ ᠤᠨ ᠨᠤᠷᠮ᠎ᠠ 3.5% ᠲᠠᠢ ᠬᠠᠷᠢᠴᠠᠭᠤᠯᠪᠠᠯ᠂ ᠨᠡᠮᠡᠭᠳᠡᠯ ᠤᠨ ᠬᠤᠷᠳᠤᠴᠠ ᠨᠢ ᠢᠯᠡᠳᠲᠡ ᠤᠳᠠᠭᠠᠰᠢᠷᠠᠪᠠ᠃ | ᠥᠪᠡᠷᠲᠡᠭᠡᠨ ᠵᠠᠰᠠᠬᠤ ᠣᠷᠣᠨ ᠤ ᠪᠦᠬᠦ ᠤᠷᠤᠨ ᠤ ᠪᠠᠶᠢᠳᠠᠯ ᠠᠴᠠ ᠦᠵᠡᠪᠡᠯ᠂ ᠮᠠᠨ ᠤ ᠲᠤᠭᠤᠷᠢᠭ ᠤᠨ ᠬᠥᠮᠦᠨ | ᠠᠮᠠ ᠶᠢᠨ ᠶᠡᠷᠦᠩᠬᠡᠶ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠪᠦᠬᠦ ᠬᠤᠰᠢᠭᠤ ᠰᠢᠶᠠᠨ ᠤ ᠲᠤᠳᠤᠷ᠎ᠠ | ᠬᠤᠶᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠳᠤ ᠲᠡᠷᠢᠭᠦᠯᠡᠵᠦ ᠪᠠᠶᠢᠭ᠎ᠠ | ᠬᠥᠬᠡᠬᠤᠲᠠ ᠶᠢᠨ ᠰᠠᠶᠢᠬᠠᠨ ᠲᠣᠭᠤᠷᠢᠭ ᠤᠨ 885321 ᠬᠥᠮᠦᠨ ᠠᠮᠠ ᠠᠴᠠ 97640 ᠬᠥᠮᠦᠨ ᠳᠤᠲᠠᠭᠤ | ᠪᠠᠶᠢᠨ᠎ᠠ᠃ ᠪᠥᠬᠦ ᠪᠤᠭᠤᠳᠤ ᠬᠤᠲᠠ ᠶᠢᠨ ᠪᠠᠶᠢᠳᠠᠯ ᠠᠴᠠ ᠦᠵᠡᠪᠡᠯ᠂ ᠲᠣᠰ ᠤᠳᠠᠭᠠᠨ ᠤ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠳᠤ ᠮᠠᠨ ᠤ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠪᠥᠬᠦ ᠬᠤᠲᠠ ᠶᠢᠨ | ᠬᠥᠮᠦᠨ ᠠᠮᠠ ᠶᠢᠨ ᠶᠡᠷᠦᠩᠬᠡᠶ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ 29.07% ᠪᠠᠶᠢᠵᠤ᠂ ᠵᠢᠷᠭᠤᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠶᠢᠨ 27. | 43% ᠪᠠᠶᠢᠬᠰᠠᠨ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 1.64 ᠬᠤᠪᠢ ᠳᠡᠭᠡᠭᠰᠢᠯᠡᠵᠦ᠂ ᠭᠠᠵᠠᠷ | ᠣᠷᠣᠨ ᠤ ᠨᠡᠯᠢᠶᠡᠳ ᠰᠠᠶᠢᠨ ᠲᠠᠲᠠᠬᠤ ᠬᠦᠴᠦᠨ ᠢ ᠪᠠᠲᠤᠯᠠᠪᠠ᠃ ᠪᠥᠬᠦ ᠲᠤᠭᠤᠷᠢᠭ ᠤᠨ ᠪᠠᠶᠢᠩᠭᠤ ᠰᠠᠭᠤᠭ᠎ᠠ | ᠬᠥᠮᠦᠨ ᠠᠮᠠ ᠶᠢᠨ ᠳᠣᠲᠣᠷ᠎ᠠ ᠡᠷᠡᠭᠲᠡᠶ ᠬᠥᠮᠦᠨ ᠠᠮᠠ 396182 ᠪᠠᠶᠢᠵᠤ᠂ 50.30% ᠶᠢ ᠡᠵᠡᠯᠡᠵᠦ ᠪᠠᠶᠢᠨ᠎ᠠ︔ | ᠡᠮᠡᠭᠲᠡᠶ ᠬᠥᠮᠦᠨ ᠠᠮᠠ 391499 ᠪᠠᠶᠢᠵᠤ᠂ 49.70% ᠶᠢ ᠡᠵᠡᠯᠡᠪᠡ᠃ ᠡᠮᠡᠭᠲᠡᠶ ᠬᠥᠮᠦᠨ ᠠᠮᠠ ᠪᠠᠷ 100. | 000 ᠨᠢᠬᠡᠴᠢ ᠪᠤᠯᠭᠠᠪᠠᠯ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ 101. | 20 ᠪᠠᠶᠢᠵᠤ᠂ 2010 ᠣᠨ ᠤ 107.20 ᠪᠠᠶᠢᠭᠰᠠᠨ ᠲᠠᠢ ᠬᠠᠷᠢᠴᠠᠭᠤᠯᠪᠠᠯ᠂ 6 ᠴᠡᠭ ᠪᠠᠭᠤᠷᠠᠪᠠ᠃ | ᠬᠤᠶᠠᠷ᠂ ᠰᠠᠭᠤᠭᠠᠯᠢ ᠠᠷᠠᠳ ᠤᠨ ᠭᠡᠷ ᠪᠦᠯᠢ ᠶᠢᠨ ᠦᠵᠡᠯᠲᠡ ᠬᠤᠪᠢᠷᠠᠵᠤ᠂ ᠭᠡᠷ ᠪᠦᠯᠢ ᠶᠢᠨ ᠡᠷᠦᠬᠡ ᠶᠢᠨ | ᠬᠡᠪᠴᠢᠶ᠎ᠡ ᠠᠪᠴᠢᠪᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠣᠰ | ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠮᠠᠨ ᠤ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ | ᠠᠮᠠ ᠶᠢᠨ ᠳᠣᠲᠣᠷᠠᠬᠢ ᠬᠡᠷ ᠪᠦᠯᠢ ᠶᠢᠨ ᠡᠷᠦᠬᠡ 311599 ᠪᠠᠶᠢᠵᠤ᠂ ᠬᠡᠷ ᠪᠦᠯᠢ ᠶᠢᠨ ᠬᠥᠮᠦᠨ ᠠᠮᠠ | 728516 ᠪᠠᠶᠢᠵᠤ᠂ ᠬᠡᠷ ᠪᠦᠯᠢ ᠶᠢᠨ ᠡᠷᠦᠬᠡ ᠪᠦᠷᠢ ᠶᠢᠨ ᠬᠥᠮᠦᠨ ᠠᠮᠠ ᠳᠤᠮᠳᠠᠴᠢ ᠪᠠᠷ 2.34 ᠪᠠᠶᠢᠵᠤ᠂ | 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠦᠶ᠎ᠡ ᠳᠤ 2.65 ᠬᠥᠮᠦᠨ ᠪᠠᠶᠢᠬᠰᠠᠨ ᠲᠠᠢ ᠬᠠᠷᠢᠴᠠᠭᠤᠯᠪᠠᠯ 0.31 ᠬᠦᠮᠦᠨ ᠪᠠᠭᠠᠰᠴᠤ᠂ ᠪᠥᠬᠦ ᠬᠤᠲᠠ ᠶᠢᠨ | 2.27 ᠶᠢᠨ ᠬᠡᠷ ᠪᠦᠯᠢ ᠶᠢᠨ ᠡᠷᠦᠬᠡ ᠶᠢᠨ ᠬᠡᠪᠴᠢᠶ᠎ᠡ ᠠᠴᠠ ᠵᠢᠭᠠᠬᠠᠨ ᠥᠨᠳᠥᠷ ᠪᠣᠯᠵᠠᠶ᠃ ᠭᠡᠷ ᠪᠦᠯᠢ ᠶᠢᠨ | ᠡᠷᠦᠬᠡ ᠶᠢᠨ ᠬᠡᠪᠴᠢᠶ᠎ᠡ ᠪᠠᠭᠠᠰᠤᠬᠰᠠᠨ ᠨᠢ ᠭᠤᠣᠯᠳᠠᠭᠤ ᠣᠳᠣᠬᠠᠨ ᠤ ᠦᠷᠡᠵᠢᠯ ᠤᠨ ᠨᠣᠷᠮ᠎ᠠ ᠶᠢᠨ ᠤᠳᠠᠭᠠᠰᠢᠷᠠᠬᠰᠠᠨ | ᠂ ᠪᠦᠬᠦᠯᠢ ᠴᠣᠭᠴᠠ ᠶᠢᠨ ᠣᠷᠣᠨ ᠰᠠᠭᠤᠴᠠ ᠶᠢᠨ ᠨᠥᠬᠦᠴᠡᠯ ᠦᠷᠭᠦᠯᠵᠢᠯᠡᠨ ᠰᠠᠶᠢᠵᠢᠷᠠᠬᠤ᠂ ᠵᠠᠯᠠᠭᠤᠴᠤᠳ | ᠤᠷᠤᠭᠯᠠᠭᠰᠠᠨ ᠤ ᠳᠠᠷᠠᠭ᠎ᠠ ᠪᠡᠶ᠎ᠡ ᠪᠠᠨ ᠳᠠᠭᠠᠭᠠᠵᠤ ᠠᠰᠳᠠᠭᠠᠨ ᠰᠠᠭᠤᠬᠤ᠂ ᠬᠥᠮᠦᠨ ᠠᠮᠠ ᠶᠢᠨ ᠰᠢᠯᠵᠢᠯᠲᠡ | ᠬᠥᠭᠵᠢᠶᠡᠨᠲᠡᠶ ᠪᠠᠶᠢᠬᠤ ᠨᠢ ᠭᠡᠷ ᠪᠦᠯᠢ ᠶᠢᠨ ᠪᠦᠲᠦᠴᠡ ᠶᠢᠨ ᠬᠤᠪᠢᠷᠠᠯᠲᠠ ᠶᠢ ᠡᠬᠦᠰᠭᠡᠭᠰᠡᠨ ᠵᠡᠷᠭᠡ ᠬᠦᠴᠦᠨ ᠵᠦᠢᠯ | ᠤᠨ ᠬᠠᠮᠲᠤ ᠶᠢᠨ ᠨᠥᠯᠥᠭᠡ ᠶᠢ ᠬᠠᠷᠠᠭᠤᠯᠵᠤ ᠪᠠᠶᠢᠨ᠎ᠠ᠃ | ᠭᠤᠷᠪᠠ᠂ ᠦᠨᠳᠦᠰᠦᠲᠡᠨ ᠤ ᠪᠦᠲᠦᠴᠡ ᠦᠨᠳᠦᠰᠦᠨ ᠳᠡᠭᠡᠨ ᠲᠣᠭᠲᠠᠭᠤᠨ ᠪᠠᠶᠢᠵᠤ᠂ ᠦᠨᠳᠦᠰᠦᠲᠡᠨ ᠤ | ᠬᠥᠮᠦᠨ ᠠᠮᠠ ᠪᠠᠭ᠎ᠠ ᠬᠡᠮᠵᠢᠶ᠎ᠡ ᠪᠠᠷ ᠨᠡᠮᠡᠭᠳᠡᠪᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠲᠣᠰ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠪᠥᠬᠦ ᠲᠤᠭᠤᠷᠢᠭ ᠤᠨ | ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ ᠬᠢᠲᠠᠳ ᠦᠨᠳᠦᠰᠦᠲᠡᠨ ᠤ ᠬᠥᠮᠦᠨ ᠠᠮᠠ 733402 ᠪᠠᠶᠢᠵᠤ | ᠂ 93.11% ᠶᠢ ᠡᠵᠡᠯᠡᠵᠦ᠂ 2010 ᠣᠨ ᠳᠤ 93.99% ᠪᠠᠶᠢᠭᠰᠠᠨ ᠲᠠᠢ ᠬᠠᠷᠢᠴᠠᠭᠤᠯᠪᠠᠯ ᠵᠠᠭᠤᠨ ᠤ | ᠬᠠᠷᠢᠴᠠᠯ ᠢᠶᠠᠷ 0.88 ᠬᠤᠪᠢ ᠪᠠᠭᠤᠷᠠᠪᠠ︔ ᠮᠣᠩᠭᠤᠯ ᠦᠨᠳᠦᠰᠦᠲᠡᠨ ᠤ ᠬᠥᠮᠦᠨ ᠠᠮᠠ 33687 ᠪᠠᠶᠢᠵᠤ᠂ 4. | 28% ᠶᠢ ᠡᠵᠡᠯᠡᠵᠦ᠂ 2010 ᠣᠨ ᠳᠤ 3.39% ᠪᠠᠶᠢᠬᠰᠠᠨ ᠲᠠᠢ ᠬᠠᠷᠢᠴᠠᠭᠤᠯᠪᠠᠯ ᠵᠠᠭᠤᠨ ᠤ ᠬᠠᠷᠢᠴᠠᠯ | ᠢᠶᠠᠷ 0.89 ᠬᠤᠪᠢ ᠨᠡᠮᠡᠭᠳᠡᠵᠡᠶ︔ ᠪᠤᠰᠤᠳ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 20592 | ᠪᠠᠶᠢᠵᠤ᠂ 2.61% ᠶᠢ ᠡᠵᠡᠯᠡᠵᠦ᠂ 2010 ᠣᠨ ᠳᠤ 2.62% ᠲᠠᠢ ᠬᠠᠷᠢᠴᠠᠭᠤᠯᠪᠠᠯ᠂ ᠵᠠᠭᠤᠨ ᠤ | ᠬᠠᠷᠢᠴᠠᠯ ᠢᠶᠠᠷ 0.01 ᠬᠤᠪᠢ ᠪᠠᠭᠤᠷᠠᠪᠠ᠃ ᠮᠠᠨ ᠤ ᠲᠤᠭᠤᠷᠢᠭ ᠤᠨ ᠴᠥᠭᠡᠨ ᠲᠣᠭᠠᠲᠤ ᠦᠨᠳᠦᠰᠦᠲᠡᠨ ᠤ | ᠬᠥᠮᠦᠨ ᠠᠮᠠ ᠲᠣᠭᠲᠠᠭᠤᠨ ᠢᠶᠠᠷ ᠨᠡᠮᠡᠭᠳᠡᠵᠦ ᠪᠠᠶᠢᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ | ᠬᠥᠭᠵᠢᠵᠦ ᠪᠠᠶᠢᠭ᠎ᠠ ᠳᠦᠷᠰᠦ ᠪᠠᠶᠢᠳᠠᠯ ᠢ ᠭᠦᠢᠴᠡᠳ ᠬᠠᠷᠠᠭᠤᠯᠵᠤ ᠪᠠᠶᠢᠨ᠎ᠠ᠃ | ᠲᠦᠷᠪᠡ᠂ ᠬᠥᠮᠦᠨ ᠠᠮᠠ ᠶᠢᠨ ᠦᠳᠡᠬᠦᠰᠵᠢᠯᠳᠠ ᠶᠢᠨ ᠠᠬᠢᠴᠠ ᠲᠦᠷᠭᠡᠳᠴᠦ᠂ 65 ᠨᠠᠰᠤᠨ ᠠᠴᠠ | ᠳᠡᠭᠡᠭᠰᠢᠬᠢ ᠬᠥᠮᠦᠨ ᠠᠮᠠ ᠶᠢᠨ ᠬᠤᠪᠢ ᠶᠢᠨ ᠵᠢᠩ ᠨᠡᠮᠡᠭᠳᠡᠪᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠲᠣᠰ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠮᠠᠨ ᠤ ᠲᠤᠭᠤᠷᠢᠭ | ᠤᠨ 60 ᠨᠠᠰᠤ ᠵᠢᠴᠢ ᠳᠠᠭᠠᠨ ᠨᠠᠰᠤᠨ ᠠᠴᠠ ᠳᠡᠭᠡᠭᠰᠢᠬᠢ ᠬᠥᠮᠦᠨ ᠠᠮᠠ 138509 ᠪᠠᠶᠢᠵᠤ᠂ 17.58% ᠶᠢ | ᠡᠵᠡᠯᠡᠵᠦ᠂ ᠡᠭᠦᠨ ᠳᠤ 65 ᠨᠠᠰᠤ ᠵᠢᠴᠢ ᠳᠠᠭᠠᠨ ᠨᠠᠰᠤᠨ ᠠᠴᠠ ᠳᠡᠭᠡᠭᠰᠢᠬᠢ ᠬᠥᠮᠦᠨ ᠠᠮᠠ 96293 ᠪᠠᠶᠢᠵᠤ᠂ | 12.22% ᠢ ᠡᠵᠡᠯᠡᠵᠦ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠦᠶ᠎ᠡ ᠲᠠᠢ ᠬᠠᠷᠢᠴᠠᠭᠤᠯᠪᠠᠯ᠂ ᠶᠡᠷᠦᠩᠬᠡᠶ ᠬᠡᠮᠵᠢᠶ᠎ᠡ ᠨᠢ ᠲᠣᠰ ᠲᠣᠰ 5.06 ᠲᠦᠮᠡᠨ | ᠬᠥᠮᠦᠨ ᠪᠠ 3.46 ᠲᠦᠮᠡᠨ ᠬᠥᠮᠦᠨ ᠨᠡᠮᠡᠭᠳᠡᠵᠦ᠂ ᠬᠤᠪᠢ ᠶᠢᠨ ᠵᠢᠩ ᠨᠢ ᠲᠣᠰ ᠲᠣᠰ ᠵᠠᠭᠤᠨ ᠤ ᠬᠠᠷᠢᠴᠠᠯ ᠢᠶᠠᠷ | 5.48 ᠪᠠ 3.74 ᠬᠤᠪᠢ ᠳᠡᠭᠡᠭᠰᠢᠯᠡᠵᠦ᠂ ᠬᠡᠳᠦ᠋ᠢᠪᠡᠷ ᠪᠥᠬᠦ ᠬᠤᠲᠠ ᠶᠢᠨ ᠲᠡᠭᠰᠢᠳᠭᠡᠭᠰᠡᠨ ᠲᠦᠪᠰᠢᠨ 20. | 19% ᠪᠠ 13.70% ᠲᠠᠢ ᠬᠠᠷᠢᠴᠠᠭᠤᠯᠪᠠᠯ ᠲᠤᠤᠷ᠎ᠠ ᠪᠤᠯᠤᠬᠰᠠᠨ ᠪᠤᠯᠪᠠᠴᠤ ᠦᠳᠡᠬᠦᠰᠵᠢᠯᠳᠡ ᠶᠢᠨ ᠬᠤᠷᠳᠤᠴᠡ | ᠢᠯᠡᠳᠳᠡ ᠲᠦᠷᠭᠡᠨ ᠪᠤᠯᠤᠬᠰᠠᠨ ᠪᠠᠶᠢᠨ᠎ᠠ᠃ | ᠲᠠᠪᠤ᠂ ᠰᠠᠭᠤᠭᠠᠯᠢ ᠠᠷᠠᠳ ᠤᠨ ᠰᠣᠶᠣᠯ ᠤᠨ ᠬᠡᠪ ᠴᠢᠨᠠᠷ ᠢᠯᠡᠳᠲᠡ ᠳᠡᠭᠡᠭᠰᠢᠯᠡᠵᠦ᠂ ᠰᠣᠶᠣᠯ ᠤᠨ ᠪᠠᠯᠠᠢ ᠶᠢᠨ | ᠨᠤᠷᠮ᠎ᠠ ᠢᠯᠡᠳᠲᠡ ᠪᠠᠭᠤᠷᠠᠵᠠᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ | ᠬᠠᠷᠢᠴᠠᠭᠤᠯᠪᠠᠯ᠂ ᠮᠠᠨ ᠤ ᠲᠤᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 10 ᠲᠦᠮᠡᠨ | ᠬᠥᠮᠦᠨ ᠪᠦᠷᠢ ᠶᠢᠨ ᠳᠣᠲᠣᠷᠠᠬᠢ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠨᠢ 18047 ᠬᠥᠮᠦᠨ | ᠪᠠᠶᠢᠭᠰᠠᠨ ᠠᠴᠠ ᠪᠠᠨ 27656 ᠬᠥᠮᠦᠨ ᠪᠣᠯᠵᠣ ᠳᠡᠭᠡᠭᠰᠢᠯᠡᠪᠡ︔ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 20905 ᠪᠠᠶᠢᠭᠰᠠᠨ ᠠᠴᠠ ᠪᠠᠨ ᠳᠣᠷᠣᠭᠰᠢᠯᠠᠭᠠᠳ | 19494 ᠬᠦᠮᠦᠨ ᠪᠣᠯᠪᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ | ᠬᠥᠮᠦᠨ 35292 ᠪᠠᠶᠢᠭᠰᠠᠨ ᠠᠴᠠ ᠪᠠᠨ 29695 ᠪᠣᠯᠤᠨ ᠪᠠᠭᠤᠷᠠᠪᠠ︔ ᠪᠠᠭ᠎ᠠ ᠰᠤᠷᠭᠠᠭᠤᠯᠢ ᠶᠢᠨ ᠰᠣᠶᠣᠯ ᠤᠨ | ᠬᠢᠷᠢ ᠬᠡᠮᠵᠢᠶ᠎ᠡ ᠲᠠᠢ ᠬᠥᠮᠦᠨ 17741 ᠪᠠᠶᠢᠭᠰᠠᠨ ᠠᠴᠠ ᠪᠠᠨ 16416 ᠬᠦᠮᠦᠨ ᠪᠤᠯᠵᠤ ᠪᠠᠭᠤᠷᠠᠪᠠ᠃ ᠪᠦᠬᠦ | ᠲᠤᠭᠤᠷᠢᠭ ᠤᠨ ᠰᠤᠶᠤᠯ ᠤᠨ ᠪᠠᠯᠠᠶ ᠬᠥᠮᠦᠨ ᠠᠮᠠ ︵15 ᠨᠠᠰᠤ ᠵᠢᠴᠢ ᠤᠨ ᠨᠠᠰᠤᠨ ᠠᠴᠠ ᠳᠡᠭᠡᠭᠰᠢᠬᠢ ᠦᠰᠦᠭ | ᠲᠠᠨᠢᠬᠤ ᠦᠭᠡᠶ ᠬᠥᠮᠦᠨ︶ 8071 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠶ᠎ᠡ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 1.28 | ᠬᠤᠪᠢ ᠪᠠᠭᠤᠷᠠᠭᠰᠠᠨ ᠪᠠᠶᠢᠨ᠎ᠠ᠃ ᠥᠨᠳᠥᠷ ᠰᠤᠷᠤᠯᠭ᠎ᠠ ᠶᠢᠨ ᠨᠠᠮᠲᠠᠷ ᠲᠠᠢ ᠬᠥᠮᠦᠨ ᠠᠮᠠ ᠶᠢᠨ ᠨᠡᠡᠮᠭᠳᠡᠭᠰᠡᠨ ᠪᠠ | ᠪᠢᠴᠢᠭ ᠤᠨ ᠰᠤᠶᠤᠯ ᠤᠨ ᠪᠠᠯᠠᠢ ᠬᠥᠮᠦᠨ ᠠᠮᠠ ᠶᠢᠨ ᠬᠠᠰᠤᠬᠳᠠᠬᠰᠠᠨ ᠨᠢ ᠮᠠᠨ ᠤ ᠲᠤᠭᠤᠷᠢᠭ ᠤᠨ ᠪᠥᠬᠦ | ᠨᠡᠶᠢᠭᠡᠮ ᠤᠨ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠥᠮᠦᠨ ᠠᠮᠠ ᠶᠢᠨ ᠬᠡᠪ ᠴᠢᠨᠠᠷ | ᠢᠯᠡᠳᠲᠡ ᠳᠡᠭᠡᠭᠰᠢᠯᠡᠭᠰᠡᠨ ᠢ ᠬᠠᠷᠠᠭᠤᠯᠵᠤ ᠪᠠᠶᠢᠬᠤ ᠶᠢᠨ ᠬᠠᠮᠲᠤ ᠪᠠᠰᠠ ᠮᠠᠨ ᠤ ᠲᠤᠭᠤᠷᠢᠭ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠳᠠᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠬᠡᠷᠡᠭᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠦᠭᠰᠡᠨ ᠤ ᠦᠷ᠎ᠡ | ᠪᠦᠲᠦᠭᠡᠯ ᠤᠨ ᠢᠯᠡᠷᠡᠯ ᠢ ᠬᠠᠷᠠᠭᠤᠯᠵᠤ ᠪᠠᠶᠢᠨ᠎ᠠ᠃ | |