ᠤᠭᠤᠷᠠᠭ ᠰᠢᠳᠦ ᠶᠢᠨ ᠡᠷᠡᠭᠦᠯ ᠮᠡᠨᠳᠦ ᠨᠢ ᠪᠠᠶᠢᠡᠭᠭᠤ ᠶᠢᠨ ᠰᠢᠳᠦ᠂ ᠠᠮᠠᠨ ᠬᠥᠨᠳᠡᠶ᠂ ᠡᠷᠡᠦ ᠲᠦᠭᠦᠰᠢ ᠶᠢᠨ | ᠬᠡᠰᠡᠭ ᠴᠢᠨᠠᠭᠰᠢᠯᠠᠪᠠᠯ ᠪᠦᠬᠦ ᠪᠡᠶ᠎ᠡ ᠶᠢᠨ ᠬᠡᠪ ᠤᠨ ᠪᠤᠶᠢᠵᠢᠯᠲᠠ᠂ ᠠᠪᠢᠶᠠᠯᠠᠬᠤ ᠡᠷᠭᠡᠳᠡᠨ ᠵᠡᠷᠭᠡ ᠳᠤ ᠪᠦᠷ ᠮᠠᠰᠢ | ᠴᠢᠬᠤᠯᠠ ᠨᠦᠯᠦᠭᠡ ᠲᠠᠢ ᠪᠠᠶᠢᠳᠠᠭ᠃ ᠬᠥᠬᠡᠬᠤᠲᠠ ᠶᠢᠨ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ | ᠬᠡᠦᠬᠡᠳ ᠤᠨ ᠰᠢᠳᠦᠨ ᠤ ᠡᠪᠡᠳᠴᠢᠨ ᠤ ᠰᠠᠯᠠᠭ᠎ᠠ ᠶᠢᠨ ᠡᠷᠬᠢᠯᠡᠭᠴᠢ ᠯᠢᠦ ᠵᠢᠩ ᠫᠢᠩ ᠲᠠᠨᠢᠯᠴᠠᠭᠤᠯᠬᠤ ᠳᠠᠭᠠᠨ᠂ | ᠰᠢᠳᠦ ᠬᠤᠷᠣᠬᠠᠶᠢᠲᠤᠬᠤ ᠶᠢ ᠰᠡᠷᠭᠡᠶᠢᠯᠡᠬᠦ ᠳᠤ ᠡᠩ ᠲᠡᠷᠢᠭᠦᠨ ᠳᠤ ᠨᠢᠯᠬ᠎ᠠ ᠬᠡᠦᠬᠡᠳ ᠤᠨ ᠠᠮᠠᠨ ᠬᠥᠨᠳᠡᠶ ᠶᠢᠨ | ᠠᠷᠢᠭᠤᠨ ᠴᠡᠪᠡᠷ ᠤᠨ ᠳᠠᠳᠬᠠᠯ ᠠᠴᠠ ᠭᠠᠷᠳᠠᠬᠤ ᠬᠡᠷᠡᠭᠲᠡᠶ᠃ ᠨᠢᠯᠬ᠎ᠠ ᠬᠡᠦᠬᠡᠳ ᠤᠨ ᠤᠭᠤᠷᠠᠭ ᠰᠢᠳᠦ ᠭᠠᠷᠬᠤ ᠠᠴᠠ | ᠡᠮᠦᠨ᠎ᠡ᠂ ᠭᠡᠷ ᠤᠨ ᠠᠬᠠᠮᠠᠳ ᠨᠢ ᠡᠳᠦᠷ ᠪᠦᠷᠢ ᠬᠡᠦᠬᠡᠳ ᠤᠨ ᠢᠶᠠᠨ ᠠᠮᠠᠨ ᠬᠥᠨᠳᠡᠢ ᠶᠢ ᠴᠡᠪᠡᠷᠯᠡᠵᠦ ᠥᠭᠬᠦ | ᠬᠡᠷᠡᠭᠲᠡᠢ᠃ ᠠᠩᠬᠠᠨ ᠤ ᠤᠭᠤᠷᠠᠭ ᠰᠢᠳᠦ ᠨᠢ ᠴᠤᠬᠤᠶᠢᠵᠤ ᠭᠠᠷᠤᠭᠰᠠᠨ ᠤ ᠳᠠᠷᠠᠭ᠎ᠠ᠂ ᠬᠡᠷ ᠤᠨ ᠠᠬᠠᠮᠠᠳ ᠨᠢ | ᠪᠠᠺᠲ᠋ᠧᠷᠢ ᠥᠬᠡᠶ ᠱᠠ ᠪᠥᠰ ᠢ ᠹᠢᠽᠢᠣᠯᠣᠭᠢ ᠶᠢᠨ ᠳᠠᠪᠤᠰᠤ ᠲᠠᠢ ᠤᠰᠤ ᠪᠤᠶᠤ ᠪᠤᠴᠠᠯᠤᠭᠰᠠᠨ ᠤᠰᠤᠨ ᠳᠤ | ᠳᠦᠷᠦᠵᠦ ᠰᠢᠳᠦ ᠶᠢ ᠵᠦᠯᠬᠦᠵᠦ ᠦᠭᠭᠦ᠂ ᠡᠰᠡᠬᠦᠯ᠎ᠡ ᠬᠤᠷᠤᠭᠤᠨ ᠳᠤ ᠤᠬᠯᠠᠬᠰᠠᠨ ᠲᠤᠰᠬᠠᠶ ᠰᠢᠳᠦᠨ | ᠱᠦ᠋ᠧᠠᠰᠠ ᠪᠠᠷ ︽ᠲᠤᠭᠤᠷᠢᠭᠤᠯᠤᠨ ᠱᠦ᠋ᠧᠠᠰᠠᠳᠠᠬᠤ︾ ᠠᠷᠭ᠎ᠠ ᠪᠠᠷ ᠨᠢᠯᠬ᠎ᠠ ᠬᠡᠦᠬᠡᠳ ᠤᠨ ᠢᠶᠠᠨ ᠰᠢᠳᠦ ᠶᠢ | ᠱᠦ᠋ᠧᠠᠰᠠᠳᠠᠵᠤ ᠦᠭᠭᠦ ᠶᠢᠨ ᠬᠠᠮᠳᠤ ᠪᠤᠶᠢᠯᠠ ᠶᠢ ᠨᠢ ᠨᠤᠬᠤᠯᠠᠵᠤ ᠥᠭᠴᠦ ᠪᠤᠯᠤᠨ᠎ᠠ᠃ ᠣᠯᠠᠨ ᠤᠭᠤᠷᠠᠭ ᠰᠢᠳᠦ | ᠭᠠᠷᠤᠭᠰᠠᠨ ᠤ ᠳᠠᠷᠠᠭ᠎ᠠ᠂ ᠬᠡᠦᠬᠡᠳ ᠤᠨ ᠰᠢᠳᠦᠨ ᠱᠦ᠋ᠧᠠᠰᠠ ᠶᠢ ᠰᠣᠯᠢᠵᠤ ᠠᠳᠠᠯᠢᠬᠠᠨ ᠠᠷᠭ᠎ᠠ ᠪᠠᠷ | ᠬᠡᠦᠬᠡᠳ ᠤᠨ ᠢᠶᠠᠨ ᠠᠮᠠᠨ ᠬᠥᠨᠳᠡᠶ ᠶᠢ ᠴᠡᠪᠡᠷᠯᠡᠵᠦ ᠦᠭᠭᠦ ᠬᠡᠷᠡᠭᠲᠡᠶ ᠬᠡᠪᠡ᠃ | ︽ᠬᠡᠦᠬᠡᠳ ᠤᠨ ᠠᠷᠠᠭ᠎ᠠ ᠰᠢᠳᠦ ᠰᠣᠶᠣᠭᠠᠯᠠᠨ ᠭᠠᠷᠬᠤ ᠦᠶ᠎ᠡ ᠳᠤ᠂ ᠠᠷᠠᠭ᠎ᠠ ᠰᠢᠳᠦ ᠨᠤᠭᠤᠳ ᠨᠢ | ᠬᠤᠲᠣᠭᠤᠷ ᠭᠦᠳᠦᠭᠦᠷ ᠵᠠᠶ ᠵᠠᠪᠰᠠᠷ ᠲᠠᠢ ᠮᠦᠷᠳᠡᠭᠡᠨ ᠲᠡᠭᠰᠢ ᠦᠭᠡᠢ ᠪᠠᠶᠢᠳᠠᠭ᠂ ᠡᠲᠡᠭᠡᠷ ᠬᠤᠲᠣᠭᠤᠷ ᠭᠦᠳᠦᠭᠦᠷ | ᠵᠠᠶ ᠵᠠᠪᠰᠠᠷ ᠤᠨ ᠬᠢᠨᠢ ᠬᠤᠭᠤᠷᠤᠨᠳᠤ ᠪᠠᠺᠲ᠋ᠧᠷᠢ ᠮᠠᠰᠢ ᠠᠮᠠᠷᠬᠠᠨ ᠬᠤᠷᠠᠮᠳᠤᠨ ᠴᠤᠬᠯᠠᠷᠠᠵᠤ ᠪᠠᠶᠢᠳᠠᠭ︾ ᠬᠡᠵᠦ | ᠯᠢᠦ ᠵᠢᠩ ᠫᠢᠩ ᠬᠡᠯᠡᠭᠰᠡᠨ ᠢᠶᠠᠨ ᠵᠠᠯᠭᠠᠭᠠᠳ᠂ ᠰᠢᠳᠦᠨ ᠵᠠᠶ ᠵᠠᠪᠰᠠᠷ ᠢ ᠨᠢ ᠪᠦᠭᠯᠡᠪᠡᠯ ᠭᠡᠦᠭᠡᠳ ᠤᠨ ᠰᠢᠳᠤ | ᠬᠤᠷᠣᠬᠠᠶᠢᠲᠤᠬᠤ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ 3 - 5 ᠨᠠᠰᠤᠨ ᠤ ᠦᠶ᠎ᠡ ᠪᠣᠯ ᠬᠡᠦᠬᠡᠳ ᠤᠨ ᠡᠯ᠎ᠡ | ᠵᠦᠢᠯ ᠤᠨ ᠰᠢᠳᠦ ᠬᠤᠷᠣᠬᠠᠶᠢᠲᠤᠬᠤ ᠡᠪᠡᠳᠴᠢᠨ ᠣᠯᠠᠨ ᠡᠭᠦᠰᠬᠦ ᠬᠤᠭᠤᠴᠠᠭ᠎ᠠ ᠪᠣᠯᠤᠨ᠎ᠠ᠂ ᠬᠡᠦᠬᠡᠳ ᠤᠨ | ᠰᠢᠳᠤᠨ ᠤ ᠵᠠᠢ ᠵᠠᠪᠰᠠᠷ ᠬᠤᠷᠣᠬᠠᠶᠢᠲᠤᠬᠤ ᠠᠴᠠ ᠭᠠᠳᠠᠨ᠎ᠠ᠂ ᠡᠨᠡᠬᠦ ᠬᠤᠭᠤᠴᠠᠭᠠᠨ ᠳᠤ ᠬᠡᠦᠬᠡᠳ ᠤᠨ | ᠰᠢᠳᠦ ᠨᠤᠭᠤᠳ ᠲᠤ ᠬᠤᠪᠢᠷᠠᠯᠳᠠ ᠭᠠᠷᠴᠤ᠂ ᠰᠢᠳᠦ ᠳᠤᠨᠢ ᠵᠠᠪᠰᠠᠷ ᠭᠠᠷᠳᠠᠭ᠂ ᠡᠶᠢᠮᠦ ᠠᠴᠠ ᠢᠳᠡᠭᠡᠨ ᠬᠡᠦᠬᠡᠳ ᠤᠨ | ᠰᠢᠳᠦᠨ ᠤ ᠵᠠᠪᠰᠠᠷ ᠳᠤᠨᠢ ᠠᠮᠠᠷᠬᠠᠨ ᠤᠷᠤᠵᠤ᠂ ᠰᠢᠳᠦ ᠶᠢ ᠨᠢ ᠬᠤᠷᠣᠬᠠᠶᠢᠲᠤᠭᠤᠯᠳᠠᠭ ᠬᠡᠵᠦ ᠬᠡᠯᠡᠪᠡ᠃ ᠯᠢᠦ ᠵᠢᠩ | ᠫᠢᠩ ᠬᠡᠷ ᠤᠨ ᠠᠬᠠᠮᠠᠳ ᠲᠤ᠄ ᠰᠢᠳᠦ ᠬᠤᠷᠣᠬᠠᠶᠢᠲᠤᠬᠤ ᠡᠪᠡᠳᠴᠢᠨ ᠢ ᠡᠷᠳᠡᠭᠡᠨ ᠡᠮᠨᠡᠨ ᠵᠠᠰᠠᠭᠤᠯᠪᠠᠯ ᠴᠠᠭ ᠨᠢ | ᠣᠬᠤᠷ᠂ ᠡᠪᠡᠷᠰᠢᠶᠡᠯ ᠨᠢ ᠪᠠᠭ᠎ᠠ᠂ ᠵᠠᠰᠠᠯᠳᠠ ᠠᠪᠬᠤ ᠪᠠᠷ ᠰᠠᠶᠢᠨ ᠪᠠᠶᠢᠳᠠᠭ᠃ ᠬᠡᠷᠪᠡ ᠴᠠᠭ ᠲᠤᠬᠠᠶ ᠳᠤᠨᠢ ᠡᠮᠨᠡᠨ | ᠵᠠᠰᠠᠭᠤᠯᠬᠤ ᠦᠭᠡᠢ ᠶᠤᠮ ᠥᠬᠡᠶ ᠪᠣᠯ ᠪᠠᠶᠢᠡᠭᠭᠤ ᠶᠢᠨ ᠰᠢᠳᠦᠨ ᠤ ᠪᠤᠶᠢᠵᠢᠯᠲᠠ ᠶᠢ ᠨᠥᠯᠥᠭᠡᠯᠡᠵᠦ᠂ ᠡᠷᠡᠦ | ᠶᠠᠰᠤ ᠪᠠ ᠰᠢᠳᠦᠨ ᠤ ᠵᠢᠭᠰᠠᠭᠠᠯᠳᠠ ᠶᠢ ᠨᠦᠯᠦᠭᠡᠯᠡᠬᠦ ᠠᠰᠠᠭᠤᠳᠠᠯ ᠭᠠᠷᠬᠤ ᠶᠢᠨ ᠤᠯᠠᠮ ᠢᠶᠠᠷ ᠬᠡᠦᠬᠡᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠨᠦᠯᠦᠭᠡᠯᠡᠬᠦ ᠪᠤᠯᠤᠨ᠎ᠠ ᠬᠡᠵᠦ ᠰᠠᠨᠠᠭᠤᠯᠵᠠᠢ᠃ ︵ᠯᠢ ᠴᠢᠶᠠᠨ︶ |