ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/28
    8 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃       ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠦᠩ ᠱᠧᠩ᠂ ᠳᠡᠳ᠋ ᠡᠷᠬᠢᠯᠡᠭᠴᠢ ᠵᠤᠤ ᠵᠢᠶᠦ᠋ᠨ ᠺᠠᠩ᠂ ᠸᠠᠩ ᠸᠧᠢ᠂ ᠯᠢᠦ ᠯᠢ ᠰᠢᠶᠠ᠂ ᠵᠤᠤ ᠴᠢᠶᠠᠩ ᠵᠢᠴᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠧᠦ ᠮᠢᠨ ᠵᠢᠶᠧ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠯᠢ ᠴᠠᠩ ᠮᠤᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠧ ᠢᠦᠢ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠢᠦ ᠱᠢ ᠸᠠᠩ᠂ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠳ᠋ᠤᠸᠠᠨ ᠰᠢ ᠯᠢᠨ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠹᠧᠩ ᠬᠤᠷᠠᠯ ᠳᠤ ᠰᠤᠯᠠ ᠣᠷᠣᠯᠴᠠᠵᠠᠢ᠃  
     ᠬᠤᠷᠠᠯ ᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠢᠶᠦ᠋ᠨ ᠺᠠᠩ ᠡᠷᠭᠢᠯᠡᠪᠡ᠃     ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠪᠦᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠭᠰᠡᠨ ᠠᠵᠢᠯ ᠤᠨ ᠪᠠᠶᠢᠳᠠᠯ ᠤᠨ ᠲᠤᠬᠠᠢ ᠲᠤᠰᠬᠠᠢ ᠰᠡᠳᠦᠪᠳᠤ ᠠᠰᠠᠭᠤᠨ ᠯᠠᠪᠯᠠᠭ᠎ᠠ ᠦᠷᠨᠢᠬᠦᠯᠵᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 11 ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠠᠰᠠᠭᠤᠨ ᠯᠠᠪᠯᠠᠯᠲᠠ ᠶᠢ ᠬᠠᠷᠢᠭᠤᠯᠪᠠ᠃ ᠬᠤᠷᠠᠯ ᠠᠴᠠ 2021 ᠣᠨ ᠤ ᠲᠥᠰᠦᠪ ᠤᠨ ᠡᠮᠦᠨᠡᠬᠢ ᠨᠢᠭᠡ ᠱᠠᠲᠤᠨ ᠤ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠭᠤᠷᠢᠭ ᠤᠨ ᠵᠠᠰᠠᠭ ᠤᠨ ᠣᠷᠳᠣᠨ ᠤ ᠮᠡᠳᠡᠭᠦᠯᠦᠯᠲᠡ᠂ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠡᠮᠦᠨᠡᠬᠢ ᠨᠢᠬᠡ ᠱᠠᠲᠤᠨ ᠤ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠲᠤᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠳᠤ ᠬᠠᠨᠤᠮᠵᠢ ᠶᠢᠨ ᠬᠡᠮᠵᠢᠶ᠎ᠡ ᠳᠤ ᠪᠠᠳᠤᠯᠠᠯᠳᠠ ᠬᠢᠵᠤ᠂ ᠪᠠᠲᠤᠯᠠᠯᠲᠠ ᠶᠢᠨ ᠦᠷ᠎ᠡ ᠳ᠋ᠦᠩ ᠨᠢ ᠴᠥᠮ ᠬᠠᠨᠤᠮᠵᠢᠲᠠᠶ ᠪᠤᠯᠪᠠ᠃     ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃  ᠭᠧ ᠢᠦᠶ ᠶᠢ ᠲᠣᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠪᠠᠷ ᠲᠣᠮᠢᠯᠠᠵᠤ᠂ ᠵᠠᠶ ᠶᠦᠨ ᡂᠢ ᠶᠢ ᠲᠣᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠯᠢ ᠷᠦᠢ ᠹᠧᠩ ᠢ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠮᠠ ᠳ᠋ᠦᠩ ᠢ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠢᠶᠠᠷ ᠲᠣᠮᠢᠯᠠᠪᠠ᠃ ᠵᠠᠩ ᠳ᠋ᠠᠨ ᠳ᠋ᠠᠨ ᠵᠡᠷᠭᠡ 5 ᠨᠥᠬᠦᠷ ᠢ ᠲᠣᠭᠤᠷᠢᠭ ᠤᠨ ᠰᠢᠭᠦᠬᠦ ᠬᠤᠷᠢᠶᠠᠨ ᠤ ᠰᠢᠭᠦᠭᠴᠢ ᠪᠠᠷ ᠲᠣᠮᠢᠯᠠᠪᠠ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ    ᠨᠠᠶᠢᠷᠠᠭᠤᠯᠤᠭᠴᠢ᠄ ᠵᠧᠦ  ᠷᠤ᠋︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号