ᠲᠦᠷᠦᠭᠦᠦ 7 ᠰᠠᠷ᠎ᠠ ᠳᠤ ᠮᠠᠨ ᠤ ᠲᠤᠭᠤᠷᠢᠭ ᠤᠨ ᠦᠢᠯᠡᠳᠬᠦ ᠦᠢᠯᠡᠰ ᠦᠷᠬᠦᠯᠵᠢᠯᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠤᠬᠳᠠᠭᠤᠨ ᠢᠶᠠᠷ ᠨᠡᠮᠡᠭᠳᠡᠬᠦ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2021/8/30
     ᠲᠦᠷᠦᠭᠦᠦ 7 ᠰᠠᠷ᠎ᠠ ᠳᠤ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16.4 % ᠪᠠᠷ ᠨᠡᠮᠡᠭᠳᠡᠵᠦ᠂ 2019 ᠣᠨ ᠤ ᠬᠢ ᠠᠴᠠ 37.2% ᠢᠶᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 17.1% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 4.4 ᠬᠤᠪᠢ ᠥᠨᠳᠥᠷ ᠪᠣᠯᠵᠠᠶ᠃ ᠲᠥᠷᠥᠯ ᠵᠦᠢᠯ ᠢᠶᠠᠷ ᠬᠤᠪᠢᠶᠠᠵᠤ ᠦᠵᠡᠪᠡᠯ᠄ ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠬᠠᠮᠤᠭ ᠤᠨ ᠴᠢᠩᠭ᠎ᠠ ᠪᠠᠶᠢᠵᠤ᠂ ᠨᠡᠮᠡᠭᠳᠡᠯ ᠥᠷᠲᠡᠭ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠵᠦ᠂   ᠬᠡᠪᠴᠢᠶᠡᠵᠢᠯ ᠠᠴᠠ ᠳᠡᠭᠡᠭᠰᠢᠬᠢ  ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ ᠵᠠᠭᠤᠨ  ᠤ ᠬᠠᠷᠢᠴᠠᠯ ᠢᠶᠠᠷ 8.5 ᠬᠤᠪᠢ ᠥᠨᠳᠥᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠤᠪᠢ ᠶᠢᠨ ᠵᠢᠩ 71.15% ᠳᠤ ᠬᠦᠷᠴᠡᠶ︔ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 29.1% ᠪᠠᠷ ᠪᠠᠭᠤᠷᠠᠪᠠ᠃  ︵ ᠲᠤᠭ᠎ᠠ ᠪᠦᠷᠢᠳᠬᠡᠯ ᠤᠨ ᠲᠤᠪᠴᠢᠶ᠎ᠠ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号