ᠣᠶᠢᠷ᠎ᠠ ᠳᠤ᠂ ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠳᠤᠭᠤᠶᠢᠯᠠᠩ | ᠬᠠᠮᠲᠤᠷᠠᠭᠰᠠᠨ ᠬᠤᠷᠠᠯ ᠬᠢᠵᠦ᠂ ᠪᠥᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠭᠰᠡᠨ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠠᠰᠠᠭᠤᠨ ᠯᠠᠪᠯᠠᠵᠤ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠲᠤᠭᠤᠷᠢᠭ | ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ᠂ ᠠᠰᠠᠭᠤᠯᠲᠠ | ᠲᠤᠷᠠᠳᠬᠤ ᠪᠠ ᠬᠠᠷᠢᠭᠤᠯᠲᠠ ᠦᠭᠬᠦ ᠬᠤᠶᠠᠷ ᠲᠠᠯ᠎ᠠ ᠪᠠᠷ ᠢᠶᠠᠨ ᠢᠳᠡᠪᠬᠢᠲᠡᠶ ᠬᠥᠳᠡᠯᠦᠯᠴᠡᠵᠦ᠂ ᠦᠨᠡᠨᠴᠢ ᠪᠠᠷ | ᠬᠠᠷᠢᠯᠴᠠᠵᠤ᠂ ᠣᠳᠣᠬᠠᠨ ᠤ ᠬᠥᠨᠳᠡᠯᠡᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠤᠨ | ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠡᠶ᠃ | | ᠨᠠᠷᠢᠨ ᠨᠢᠮᠪᠠᠶ ᠵᠣᠬᠢᠶᠠᠨ ᠪᠠᠶᠢᠭᠤᠯᠵᠤ ᠠᠰᠠᠭᠤᠨ ᠯᠠᠪᠯᠠᠬᠤ ᠳᠤ ︽ᠦᠨᠳᠦᠰᠦᠯᠡᠯ︾ ᠲᠠᠢ ᠪᠠᠶᠢᠬᠤ ᠶᠢ | ᠪᠠᠷᠢᠮᠳᠠᠯᠠᠪᠠ | ︽ᠬᠤᠯᠪᠣᠭᠳᠠᠯ ᠪᠥᠬᠦᠶ ᠰᠠᠯᠠᠭ᠎ᠠ ᠮᠥᠴᠢᠷ ︿ᠠᠵᠤ ᠠᠬᠤᠶᠢᠯᠠᠯ ᠤᠨ ᠠᠵᠢᠯᠴᠢᠨ ᠡᠯᠰᠡᠬᠦ ᠳᠤ ᠬᠦᠴᠢᠷᠲᠡᠶ | ᠪᠠᠶᠢᠬᠤ ᠪᠥᠭᠡᠳ ᠠᠷᠭ᠎ᠠ ᠬᠡᠮᠵᠢᠶ᠎ᠡ ᠤᠯᠳᠠᠬᠤ ᠦᠬᠡᠢ﹀ ᠪᠠᠶᠢᠬᠤ ᠠᠰᠠᠭᠤᠳᠠᠯ ᠤᠨ ᠲᠠᠯ᠎ᠠ ᠪᠠᠷ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠣᠶ︖ ᠦᠷ᠎ᠡ ᠳ᠋ᠦᠩ ᠨᠢ ᠶᠠᠮᠠᠷ ᠵᠡᠷᠭᠡ ᠪᠣᠶ︖︾ ︽︿ᠮᠥᠩᠬᠡ ᠰᠤᠪᠠᠭ﹀ APP ᠪᠣᠯ | ᠥᠪᠥᠷ ᠮᠣᠩᠭᠤᠯ ᠤᠨ ᠪᠥᠬᠦ ᠣᠷᠣᠨ ᠤ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠬᠡ | ᠲᠠᠪᠴᠠᠩ ᠪᠣᠯᠤᠨ᠎ᠠ᠂ 200 ᠭᠠᠷᠤᠶ ᠲᠥᠷᠥᠯ ᠤᠨ ᠡᠯᠧᠺᠲᠷᠣᠨ ᠦᠨᠡᠮᠯᠡᠯ ᠢ ᠪᠠᠶᠢᠴᠠᠭᠠᠨ ᠯᠠᠪᠯᠠᠵᠤ ᠭᠤᠶᠤᠴᠢᠯᠠᠨ | ᠠᠪᠴᠤ ᠪᠤᠯᠬᠤ ᠪᠦᠬᠡᠳ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠴᠢᠳᠠᠮᠵᠢ ᠪᠠᠷ ᠴᠢᠩᠭ᠎ᠠ ᠪᠥᠭᠡᠳ | ᠴᠢᠳᠠᠮᠵᠢ ᠶᠢᠨ ᠲᠤᠭ᠎ᠠ ᠬᠡᠮᠵᠢᠶ᠎ᠡ ᠪᠠᠷ ᠣᠯᠠᠨ ᠪᠠᠶᠢᠵᠤ᠂ ᠬᠡᠳᠡᠯ᠎ᠡ ᠣᠯᠠᠩᠬᠢ ᠢᠳᠡᠷ ᠨᠠᠰᠤᠨ ᠤ ᠪᠠ ᠥᠲᠡᠯᠦᠭᠡ | ᠨᠠᠰᠤᠨ ᠤ ᠬᠥᠮᠦᠰ APP ᠶᠢᠨ ᠠᠵᠢᠯᠯᠠᠬᠤ ᠠᠷᠭ᠎ᠠ ᠶᠢ ᠲᠦᠷᠭᠡᠨ ᠡᠵᠡᠮᠰᠢᠵᠦ ᠳᠡᠶᠢᠯᠬᠦ ᠥᠬᠡᠶ ᠪᠠᠶᠢᠨ᠎ᠠ᠃ | ᠲᠠᠷᠠᠭᠠᠴᠢ ᠶᠢᠨ ᠠᠯᠬᠤᠮ ᠳᠤ ᠮᠠᠨ ᠤ ᠲᠤᠭᠤᠷᠢᠭ ᠡᠨᠡᠬᠦ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠶ︖ | ᠠᠰᠠᠭᠤᠨ ᠯᠠᠪᠯᠠᠬᠤ ᠬᠤᠷᠠᠯ ᠳᠡᠭᠡᠷ᠎ᠡ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 7 ᠭᠡᠰᠢᠭᠦᠨ ᠪᠦᠷ ᠪᠡᠯᠡᠳᠬᠡᠯ ᠲᠠᠢ ᠢᠷᠡᠪᠡ᠂ ᠲᠡᠳᠡ ᠠᠯᠢ ᠣᠯᠠᠨ ᠪᠠᠴᠢᠮ | ᠰᠢᠢᠳᠪᠦᠷᠢᠯᠡᠬᠦ ᠴᠢᠬᠤᠯᠠᠳᠠᠢ ᠪᠤᠳᠠᠳᠠᠢ ᠠᠰᠠᠭᠤᠳᠠᠯ ᠢ ᠲᠤᠷᠠᠳᠤᠨ ᠭᠠᠷᠭᠠᠵᠤ᠂ ᠠᠰᠠᠭᠤᠬᠰᠠᠨ ᠨᠢ ᠪᠣᠳᠠᠲᠠᠶ ᠶᠢ | ᠡᠷᠬᠢᠮᠯᠡᠭᠰᠡᠨ ᠪᠥᠭᠡᠳ ᠤᠨᠢᠨ ᠲᠡᠭᠡᠷ᠎ᠡ ᠨᠢ ᠠᠰᠠᠭᠤᠵᠤ᠂ ᠡᠲᠡᠭᠡᠷ ᠠᠰᠠᠭᠤᠳᠠᠯ ᠢ ᠴᠥᠮ ᠳᠠᠬᠢᠨ ᠳᠠᠪᠲᠠᠨ ᠰᠠᠨᠠᠯ | ᠬᠤᠷᠢᠶᠠᠵᠤ᠂ ᠳᠠᠬᠢᠨ ᠳᠠᠪᠲᠠᠨ ᠪᠠᠶᠢᠴᠠᠭᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ ᠳᠤᠷᠠᠳᠤᠨ ᠭᠠᠷᠭᠠᠬᠰᠠᠨ | ᠶᠤᠮ᠃ | 6 ᠰᠠᠷ᠎ᠠ ᠶᠢᠨ ᠳᠤᠮᠳᠠᠴᠢ ᠪᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ | ᠰᠡᠳᠦᠪᠲᠦ ᠠᠰᠠᠭᠤᠨ ᠯᠠᠪᠯᠠᠬᠤ ᠠᠵᠢᠯ ᠤᠨ ᠲᠥᠰᠦᠯ ᠤᠨ ᠲᠣᠬᠢᠷᠠᠭᠤᠯᠤᠯᠲᠠ ᠶᠣᠰᠣᠭᠠᠷ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ ᠶᠢᠨ ᠲᠠᠷᠢᠶᠠᠯᠠᠩ ᠮᠠᠯ ᠠᠵᠤ | ᠠᠬᠤᠶ ᠶᠢᠨ ᠠᠵᠢᠯ ᠤᠨ ᠵᠥᠪᠯᠡᠯ ᠠᠴᠠ ᠰᠤᠩᠭᠤᠭᠤᠯᠢ ᠬᠢᠬᠡᠳ ᠲᠤᠰᠢᠶᠠᠯ ᠳᠤ ᠲᠤᠮᠢᠯᠠᠵᠤ ᠲᠤᠰᠢᠶᠠᠯ ᠠᠴᠠ | ᠪᠠᠭᠤᠯᠭᠠᠬᠤ ᠶᠢ ᠬᠠᠷᠢᠯᠴᠠᠬᠤ ᠠᠵᠢᠯ ᠤᠨ ᠵᠦᠪᠯᠡᠯ ᠯᠦᠭᠡ ᠬᠠᠮᠲᠤᠷᠠᠨ ᠬᠤᠲᠠ᠂ ᠲᠣᠭᠤᠷᠢᠭ ᠬᠤᠶᠠᠷ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠬᠤᠷᠢᠶᠠᠨ ᠠᠪᠬᠤ 150 ᠬᠤᠪᠢ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠷᠬᠠᠭᠠᠬᠤ ᠶᠢᠨ ᠬᠠᠮᠲᠤ ᠪᠠᠶᠢᠴᠠᠭᠠᠯᠲᠠ ᠶᠢᠨ | ᠠᠰᠠᠭᠤᠯᠲᠠ ᠶᠢᠨ ᠬᠠᠭᠤᠳᠠᠰᠤ ᠠᠴᠠ ᠭᠠᠳᠠᠨ᠎ᠠ ᠪᠠᠰᠠ ᠬᠦᠴᠦᠨ ᠪᠦᠬᠦᠢ 5 ᠠᠰᠠᠭᠤᠳᠠᠯ ᠢ ᠴᠤᠭᠯᠠᠭᠤᠯᠵᠤ᠂ | ᠬᠤᠳᠠᠯᠳᠤᠭ᠎ᠠ ᠡᠵᠡᠭᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠳᠤ ᠨᠡᠯᠢᠶᠡᠳ ᠪᠥᠬᠦ | ᠲᠠᠯ᠎ᠠ ᠶᠢᠨ ᠣᠶᠢᠯᠠᠭᠠᠯᠲᠠ ᠲᠠᠢ ᠪᠣᠯᠵᠠᠶ᠃ 7 ᠰᠠᠷ᠎ᠠ ᠶᠢᠨ 21 ᠤ ᠡᠳᠦᠷ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠡᠯ᠎ᠡ ᠳᠡᠳ᠋ ᠡᠷᠬᠢᠯᠡᠭᠴᠢ ᠵᠢᠴᠢ | ᠬᠡᠰᠡᠭ ᠭᠡᠰᠢᠭᠦᠳ᠂ ᠲᠥᠯᠥᠭᠡᠯᠡᠭᠴᠢᠳ ᠬᠠᠮᠳᠤ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ᠂ | ᠪᠥᠬᠦ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠡᠷᠬᠢᠯᠡᠭᠴᠢ ᠶᠢᠨ | ᠬᠠᠮᠲᠤ ᠶᠢᠨ ᠰᠢᠨᠵᠢᠯᠡᠨ ᠪᠠᠶᠢᠴᠠᠭᠠᠯᠲᠠ ᠬᠢᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠣᠷᠣᠯᠠᠨ | ᠬᠦᠢᠴᠡᠳᠬᠡᠬᠦ ᠴᠡᠭ ᠤᠨ ᠣᠷᠴᠢᠨ ᠲᠣᠭᠤᠷᠢᠨ ᠤ ᠪᠠᠶᠢᠷᠢᠰᠢᠭᠤᠯᠤᠯᠲᠠ ᠵᠢᠴᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠬᠡᠨ ᠤ ᠲᠤᠨᠤᠭ ᠲᠦᠬᠦᠬᠡᠷᠦᠮᠵᠢ ᠶᠢ ᠳᠣᠭᠢᠷᠠᠭᠤᠯᠤᠨ ᠬᠡᠷᠡᠭᠯᠡᠬᠦᠯᠦᠭᠰᠡᠨ ᠪᠠᠶᠢᠳᠠᠯ᠂ ᠨᠡᠶᠢᠭᠡᠮ ᠤᠨ | ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠨᠢᠭᠡ ᠦᠷᠳᠡᠬᠡᠳᠤ ᠮᠠᠶ᠋ᠢᠭ ᠤᠨ ᠦᠢᠯᠡᠴᠢᠯᠡᠭᠡ ᠵᠡᠷᠭᠡ ᠠᠵᠤ ᠠᠬᠤᠶᠢᠯᠠᠯ᠂ | ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠬᠢᠨᠠᠨ ᠵᠥᠪᠰᠢᠶᠡᠷᠡᠬᠦ ᠪᠠ ᠦᠢᠯᠡᠴᠢᠯᠡᠬᠡᠨ ᠤ ᠵᠦᠢᠯᠡᠰ ᠢ ᠬᠦᠢᠴᠡᠳᠬᠡᠬᠦ | ᠶᠠᠪᠤᠴᠠ ᠪᠠ ᠬᠦᠢᠴᠡᠳᠬᠡᠬᠦ ᠴᠠᠭ ᠤᠨ ᠬᠢᠵᠠᠭᠠᠷ ᠢ ᠨᠠᠷᠢᠨ ᠣᠶᠢᠯᠠᠭᠠᠪᠠ᠃ ᠥᠷᠭᠡᠨ ᠢᠶᠠᠷ ᠰᠠᠨᠠᠯ ᠬᠤᠷᠢᠶᠠᠭᠰᠠᠨ ᠪᠠ | ᠡᠷᠬᠢᠯᠡᠭᠴᠢ ᠶᠢᠨ ᠬᠠᠮᠲᠤ ᠪᠠᠷ ᠪᠠᠶᠢᠴᠠᠭᠠᠨ ᠦᠵᠡᠭᠰᠡᠨ ᠰᠠᠭᠤᠷᠢᠨ ᠳᠡᠭᠡᠷ᠎ᠡ᠂ ᠨᠢᠭᠡ ᠪᠦᠯᠦᠭ ᠨᠡᠶᠢᠭᠡᠮ ᠤᠨ ᠠᠩᠬᠠᠷᠴᠤ | ᠪᠠᠶᠢᠭ᠎ᠠ᠂ ᠠᠷᠠᠳ ᠣᠯᠠᠨ ᠤ ᠠᠩᠬᠠᠷᠴᠤ ᠪᠠᠶᠢᠭ᠎ᠠ ᠪᠥᠭᠡᠳ ᠲᠦᠭᠡᠮᠡᠯ ᠴᠢᠨᠠᠷᠲᠠᠶ᠂ ᠬᠡᠯᠪᠡᠷᠢᠯ ᠤᠨ ᠴᠢᠨᠠᠷᠲᠠᠶ ᠬᠦᠴᠢᠷ | ᠠᠰᠠᠭᠤᠳᠠᠯ ᠪᠠ ᠬᠠᠯᠠᠮᠰᠢᠯ ᠠᠰᠠᠭᠤᠳᠠᠯ ᠢ ᠪᠦᠷᠢᠳᠬᠡᠨ ᠭᠠᠷᠭᠠᠵᠤ᠂ ︽ᠤᠨᠢᠨ ᠲᠡᠭᠡᠷ᠎ᠡ ᠨᠢ︾ ᠠᠰᠠᠭᠤᠨ | ᠯᠠᠪᠯᠠᠬᠤ ᠪᠠᠷ ᠴᠢᠷᠮᠠᠶᠢᠪᠠ᠃ | ᠠᠰᠠᠭᠤᠳᠠᠯ ᠳᠤ ᠰᠢᠭᠤᠳ ᠬᠠᠨᠳᠤᠵᠤ ᠠᠰᠠᠭᠤᠨ ᠯᠠᠪᠯᠠᠬᠤ ᠳᠤ ︽ᠬᠠᠷᠢᠭᠤᠴᠠᠯᠭ᠎ᠠ ᠲᠠᠢ ᠪᠠᠶᠢᠬᠤ︾ ᠶᠢ | ᠪᠠᠷᠢᠮᠳᠠᠯᠠᠪᠠ | ︽ᠨᠢᠭᠡ ᠳᠤ᠂ ᠪᠦᠬᠦ ᠲᠠᠯ᠎ᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠤᠭᠤᠷᠢᠭ ᠤᠨ | ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠬᠤᠣᠰ ᠳᠤᠭᠤᠶᠢᠯᠠᠩ ᠤᠨ | ᠳᠠᠷᠤᠭ᠎ᠠ ᠪᠣᠯᠭᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠢ ᠰᠤᠳᠤᠯᠤᠨ ᠠᠬᠢᠭᠤᠯᠪᠠ᠃ | ᠬᠤᠶᠠᠷ ᠲᠤ᠂ ᠲᠣᠭᠲᠠᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠲᠠ ᠶᠢᠨ ᠠᠩᠬᠠᠳᠠᠬᠴᠢ | ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠠᠬᠢᠭᠤᠯᠵᠤ | ᠂ ︿ᠬᠥᠨᠳᠡᠯᠡᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ﹀ ᠶᠢ ᠫᠠᠶᠢᠰᠠ ᠡᠯᠭᠦᠨ ᠪᠠᠶᠢᠭᠤᠯᠵᠤ᠂ 15 ᠰᠠᠯᠠᠭ᠎ᠠ ᠮᠥᠴᠢᠷ ᠤᠨ 134 ᠵᠦᠢᠯ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠬᠤᠪᠢᠶᠠᠷᠢᠯᠠᠨ ᠰᠢᠯᠵᠢᠭᠦᠯᠵᠦ᠂ ᠵᠢᠩᠬᠢᠨᠢ ᠪᠠᠷ ︿ | ᠬᠢᠨᠠᠨ ᠵᠥᠪᠰᠢᠶᠡᠷᠡᠬᠦ ᠶᠢ ᠨᠢᠭᠡ ᠲᠠᠮᠠᠭ᠎ᠠ ᠪᠠᠷ ᠬᠠᠮᠢᠶᠠᠷᠬᠤ﹀ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠥᠭᠡᠷᠡᠴᠢᠯᠡᠯᠲᠡ ᠶᠢᠨ ᠰᠢᠨ᠎ᠡ ᠱᠠᠲᠤᠨ ᠳᠤ ᠣᠷᠣᠪᠠ᠃ ᠭᠤᠷᠪᠠ ᠳᠤ᠂ ᠬᠤᠳᠠᠯᠳᠤᠭ᠎ᠠ ᠡᠷᠬᠢᠯᠡᠬᠦ ᠠᠮᠢ ᠠᠬᠤᠶ ᠶᠢ | ᠳᠡᠭᠡᠭᠰᠢᠯᠡᠭᠦᠯᠦᠨ᠎ᠡ᠂ ᠁ ᠳᠥᠷᠪᠡ ᠳᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ ᠁︾ | ᠬᠡᠵᠤ ᠲᠤᠭᠤᠷᠢᠭ ᠤᠨ ᠲᠡᠳ᠋ ᠲᠠᠷᠤᠭ᠎ᠠ ᠠᠰᠠᠭᠤᠨ ᠯᠠᠪᠯᠠᠭ᠎ᠠ ᠶᠢ ᠬᠠᠷᠢᠭᠤᠯᠪᠠ᠃ ᠠᠰᠠᠭᠤᠯᠳᠠ ᠨᠢᠭᠡᠪᠦᠷᠢ ᠨᠢ ᠴᠥᠮ | ᠠᠷᠠᠳ ᠤᠯᠠᠨ ᠤ ᠬᠦᠰᠡᠯ ᠪᠠᠷᠠᠯᠠᠯ ᠮᠥᠨ᠂ ᠬᠠᠷᠢᠭᠤᠯᠲᠠ ᠨᠢᠭᠡᠪᠦᠷᠢ ᠨᠢ ᠴᠥᠮ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠬᠠᠷᠢᠭᠤᠴᠠᠯᠭ᠎ᠠ ᠪᠠ ᠠᠮᠠᠯᠠᠯᠲᠠ ᠶᠢ ᠲᠥᠯᠥᠭᠡᠯᠡᠵᠦ ᠪᠠᠶᠢᠳᠠᠭ᠃ ᠨᠢᠭᠡ ᠴᠠᠭ ᠤᠨ ᠯᠠᠪᠯᠠᠨ ᠠᠰᠠᠭᠤᠯᠲᠠ᠂ | 7 ︽ ᠪᠠᠴᠢᠮ ᠴᠢᠬᠤᠯᠠ︾ ᠠᠰᠠᠭᠤᠳᠠᠯ᠂ ᠵᠠᠰᠠᠭ ᠤᠨ ᠣᠷᠳᠣᠨ ᠤ ᠡᠭᠦᠷᠭᠡ ᠲᠤᠰᠢᠶᠠᠯᠳᠤ 11 ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠤ 16 ᠤᠳᠠᠭ᠎ᠠ ᠶᠢᠨ ᠨᠢᠭᠤᠷᠲᠠᠨ ᠬᠠᠷᠢᠭᠤᠯᠲᠠ ᠦᠭᠬᠦᠭᠰᠡᠨ ᠨᠢ ᠭᠦᠢᠴᠡᠳ | ᠦᠨᠳᠦᠰᠦᠯᠡᠯ ᠲᠠᠢ᠂ ᠶᠣᠰᠣ ᠶᠢ ᠶᠠᠷᠢᠬᠰᠠᠨ ᠨᠢ ᠬᠦᠮᠦᠨ ᠢ ᠪᠢᠰᠢᠷᠡᠬᠦᠯᠵᠤ᠂ ᠬᠤᠷᠠᠯ ᠤᠨ ᠲᠠᠯᠠᠪᠠᠢ ᠳᠤ ᠪᠠᠶᠢᠨ ᠪᠠᠶᠢᠨ | ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ ᠪᠠᠶᠢᠯ᠎ᠠ᠃ ᠬᠥᠨᠳᠡᠯᠡᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠠᠰᠠᠭᠤᠯᠲᠠ ᠠᠰᠠᠭᠤᠬᠤ︾ ᠪᠠ ︽ | ᠬᠠᠷᠢᠭᠤᠯᠲᠠ ᠥᠭᠬᠦ︾ ᠶᠢ ᠲᠤᠰᠬᠠᠢ ᠰᠡᠳᠦᠪᠳᠤ ᠠᠰᠠᠭᠤᠨ ᠯᠠᠪᠯᠠᠬᠤ ᠶᠢᠨ ᠴᠢᠬᠤᠯᠠ ᠭᠤᠭᠴᠤᠭ᠎ᠠ ᠪᠣᠯᠭᠠᠬᠤ ᠶᠢ | ᠴᠢᠬᠤᠯᠠᠴᠢᠯᠠᠵᠤ᠂ ᠠᠰᠠᠭᠤᠵᠤ ᠬᠠᠷᠢᠭᠤᠯᠬᠤ ᠳᠤᠮᠳᠠ ᠦᠨᠡᠨᠬᠦ ᠪᠤᠳᠠᠳᠠᠢ ᠠᠰᠠᠭᠤᠳᠠᠯ ᠢ ᠶᠠᠷᠢᠯᠴᠠᠵᠤ᠂ ᠢᠯᠡ ᠲᠣᠳᠣ | ᠂ ᠲᠥᠪ ᠴᠢᠩᠭ᠎ᠠ ᠠᠭᠤᠷ ᠠᠮᠢᠰᠬᠤᠯ ᠢᠶᠠᠷ ᠠᠵᠢᠯ ᠢᠶᠠᠨ ᠠᠬᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ | | ᠲᠤᠷᠠᠳᠤᠬᠰᠠᠨ ᠠᠰᠠᠭᠤᠯᠲᠠ ᠳᠤ ᠠᠩᠬᠠᠷᠤᠯ ᠢᠶᠠᠨ ᠲᠦᠪᠯᠡᠷᠡᠬᠦᠯᠵᠤ ᠠᠰᠠᠭᠤᠨ ᠯᠠᠪᠯᠠᠬᠤ ︽ᠦᠷ᠎ᠡ | ᠪᠦᠲᠦᠮᠵᠢᠲᠡᠢ︾ ᠪᠠᠶᠢᠬᠤ ᠶᠢ ᠪᠠᠷᠢᠮᠳᠠᠯᠠᠪᠠ | ︽ᠬᠤᠷᠠᠯ ᠤᠨ ᠲᠠᠷᠠᠭ᠎ᠠ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︿ᠲᠦᠷᠪᠡᠨ ᠲᠡᠷᠢᠭᠦᠨ﹀ ᠤ | ᠬᠠᠮ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠠᠮᠲᠤ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ | ᠲᠤᠰ ᠤᠳᠠᠭ᠎ᠠ ᠶᠢᠨ ᠬᠤᠷᠠᠯ ᠳᠡᠭᠡᠷ᠎ᠡ ᠳᠡᠪᠰᠢᠭᠦᠯᠦᠭᠰᠡᠨ ᠲᠤᠰᠬᠠᠢ ᠰᠡᠳᠦᠪᠲᠦ ᠰᠢᠨᠵᠢᠯᠡᠨ ᠪᠠᠶᠢᠴᠠᠭᠠᠭᠰᠠᠨ | ᠮᠡᠳᠡᠭᠦᠯᠦᠯᠲᠡ ᠳᠡᠭᠡᠨ ᠳᠤᠷᠠᠳᠤᠭᠰᠠᠨ ᠠᠰᠠᠭᠤᠳᠠᠯ ᠪᠣᠯᠤᠨ ᠰᠠᠨᠠᠭᠤᠯᠭ᠎ᠠ ᠵᠢᠴᠢ ᠬᠤᠷᠠᠯ ᠤᠨ ᠲᠠᠷᠠᠭ᠎ᠠ ᠪᠦᠷᠢᠳᠬᠡᠨ | ᠳ᠋ᠦᠩᠨᠡᠭᠰᠡᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠰᠤᠳᠤᠯᠵᠤ᠂ ᠢᠳᠡᠪᠬᠢᠲᠡᠢ ᠪᠠᠷ ᠪᠦᠲᠦᠮᠵᠢᠲᠡᠢ ᠠᠷᠭ᠎ᠠ | ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠪᠠ ᠨᠠᠶᠢᠳᠠᠪᠤᠷᠢᠵᠢᠭᠤᠯᠵᠤ᠂ ᠬᠥᠨᠳᠡᠯᠡᠨ ᠲᠣᠭᠤᠷᠢᠭ ᠤᠨ ︿ | ᠲᠦᠷᠪᠡᠨ ᠰᠠᠭᠤᠷᠢᠨ ᠭᠤᠷᠪᠠᠨ ᠤᠷᠤᠨ﹀ ᠤ ᠪᠦᠳᠦᠭᠡᠨ ᠪᠠᠶᠢᠭᠤᠯᠤᠯᠲᠠ ᠳᠤ ᠰᠠᠭᠤᠷᠢ ᠶᠢ ᠲᠠᠯᠪᠢᠵᠤ᠂ | ᠲᠤᠯᠭᠠᠭᠤᠷᠢᠯᠠᠯ ᠬᠠᠩᠭᠠᠬᠤ ᠬᠡᠷᠡᠭᠲᠡᠢ︾ ᠬᠡᠵᠤ ᠬᠤᠷᠠᠯ ᠤᠨ ᠬᠥᠲᠥᠯᠥᠭᠴᠢ ᠠᠴᠠ ᠠᠰᠠᠭᠤᠨ ᠯᠠᠪᠯᠠᠬᠤ ᠬᠤᠷᠠᠯ ᠢ | ᠳ᠋ᠦᠩᠨᠡᠵᠦ᠂ ᠠᠰᠠᠭᠤᠨ ᠯᠠᠪᠯᠠᠬᠤ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠴᠤ ᠦᠪᠡᠷ ᠦᠪᠡᠷ | ᠤᠨ ᠣᠪᠣᠷ ᠢᠶᠠᠨ ᠢᠯᠡᠳᠭᠡᠵᠡᠬᠡᠪᠡ᠃ | ᠲᠤᠰᠬᠠᠢ ᠰᠡᠳᠦᠪᠳᠤ ᠠᠰᠠᠭᠤᠨ ᠯᠠᠪᠯᠠᠬᠤ ᠨᠢ ︽ᠠᠰᠠᠭᠤᠬᠤ︾ ᠠᠴᠠ ᠡᠬᠢᠯᠡᠵᠦ᠂ ︽ᠬᠠᠷᠢᠭᠤᠯᠬᠤ︾ ᠪᠠᠷ | ᠵᠣᠭᠰᠣᠬᠤ ᠦᠭᠡᠢ᠂ ᠨᠡᠩ ᠴᠤ ︽ᠦᠷ᠎ᠡ ᠪᠦᠲᠦᠮᠵᠢ︾ ᠶᠢ ᠴᠢᠬᠤᠯᠠᠴᠢᠯᠠᠬᠤ ᠬᠡᠷᠡᠭᠳᠡᠢ᠃ ᠬᠥᠨᠳᠡᠯᠡᠨ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠠᠵᠢᠯ ᠤᠨ | ᠭᠤᠣᠯᠳᠠᠯᠭ᠎ᠠ ᠪᠠᠨ ︽ᠠᠰᠠᠭᠤᠬᠤ︾ ᠳᠡᠭᠡᠷ᠎ᠡ ᠲᠥᠪᠯᠡᠷᠡᠭᠦᠯᠵᠦ᠂ ᠳᠤᠷᠠᠳᠤᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠩᠬᠠᠷᠴᠤ᠂ ᠲᠤᠰᠬᠠᠢ ᠰᠡᠳᠦᠪᠲᠦ ᠠᠰᠠᠭᠤᠨ | ᠯᠠᠪᠯᠠᠬᠰᠠᠨ ᠪᠣᠳᠠᠲᠤ ᠲᠡᠮᠳᠡᠭᠯᠡᠯ ᠪᠤᠯᠭᠠᠨ ᠵᠠᠰᠠᠭ ᠤᠨ ᠣᠷᠳᠣᠨ ᠳᠤ ᠲᠤᠰᠢᠶᠠᠵᠤ᠂ ᠵᠠᠰᠠᠭ ᠤᠨ ᠣᠷᠳᠣᠨ ᠤ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠠᠵᠢᠯ ᠤᠨ ᠮᠡᠳᠡᠭᠦᠯᠦᠯᠲᠡ ᠶᠢ ᠴᠠᠭ ᠲᠤᠨᠢ ᠰᠣᠨᠣᠰᠴᠤ᠂ | ᠬᠢᠨᠠᠯᠲᠠ ᠲᠠᠯᠪᠢᠬᠤ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ | ᠦᠨᠡᠨ ᠬᠦ ᠠᠬᠢᠭᠤᠯᠵᠤ᠂ ᠲᠤᠰᠬᠠᠢ ᠰᠡᠳᠦᠪᠲᠦ ᠠᠰᠠᠭᠤᠨ ᠯᠠᠪᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠰᠠᠶᠢᠲᠤᠷ | ᠬᠢᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠬᠦᠨ᠎ᠡ᠃ ︵ | ᠨᠠᠶᠢᠷᠠᠭᠤᠯᠤᠭᠴᠢ᠄ ᠵᠧᠦ ᠷᠤ᠋︶ | |