ᠡᠶᠢᠮᠦᠷᠬᠦ ᠪᠠᠶᠢᠴᠠᠭᠠᠯᠲᠠ ᠶᠢ ᠬᠡᠦᠬᠡᠳ ᠲᠤ ᠪᠠᠶᠢᠩᠭᠤ ᠬᠢᠬᠦ ᠠᠶᠦᠯᠳᠠᠢ︕
ᠨᠡᠶᠢᠲᠡᠯᠡᠭᠰᠡᠨ ᠴᠠᠭ᠄
2021/8/30
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠺᠣᠮᠢᠰ  ᠣᠶᠢᠷ᠎ᠠ ᠳᠤ  ᠮᠡᠳᠡᠭᠳᠡᠯ  ᠳᠠᠷᠤᠮᠠᠯᠯᠠᠨ  ᠲᠠᠷᠬᠠᠭᠠᠵᠤ᠂ ᠬᠡᠤᠬᠡᠳ ᠤᠨ  ᠪᠡᠶ᠎ᠡ   ᠳᠠᠬᠢ  ᠪᠢᠴᠢᠯ  ᠡᠯᠧᠮᠧᠨ᠋ᠲ ᠢ  ᠬᠡᠮᠵᠢᠬᠦ ᠳᠤ  ᠬᠢᠨᠠᠯᠲᠠ  ᠲᠠᠯᠪᠢᠬᠤ  ᠬᠠᠤᠯᠢ   ᠬᠡᠷᠡᠭᠵᠢᠭᠦᠯᠬᠦ   ᠠᠵᠢᠯ ᠢ ᠴᠢᠩᠭᠠᠳᠬᠠᠵᠤ᠂ ᠪᠢᠴᠢᠯ ᠡᠯᠧᠮᠧᠨ᠋ᠲ ᠢ ᠬᠡᠮᠵᠢᠬᠦ ᠶᠢ ᠪᠡᠶ᠎ᠡ ᠶᠢᠨ  ᠪᠠᠶᠢᠴᠠᠭᠠᠯᠲᠠ  ᠵᠡᠷᠭᠡ  ᠨᠡᠶᠢᠳᠡᠮ  ᠪᠠᠶᠢᠴᠠᠭᠠᠯᠲᠠ ᠶᠢᠨ  ᠲᠥᠷᠥᠯ ᠵᠣᠶᠢᠯ ᠪᠣᠯᠭᠠᠵᠤ ᠪᠣᠯᠬᠤ ᠥᠬᠡᠶ ᠭᠡᠵᠦ ᠱᠠᠭᠠᠷᠳᠠᠪᠠ᠃            ᠣᠷᠣᠨ ᠨᠤᠲᠤᠭ ᠤᠨ ᠡᠯ᠎ᠡ ᠱᠠᠲᠤᠨ ᠤ  ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠠᠰᠠᠭ  ᠵᠠᠬᠢᠷᠭᠠᠨ ᠤ  ᠰᠠᠯᠠᠭ᠎ᠠ ᠮᠥᠴᠢᠷ ᠤᠳ ᠬᠡᠤᠬᠡᠳ ᠤᠨ ᠪᠢᠴᠢᠯ  ᠡᠯᠧᠮᠧᠨ᠋ᠲ ᠢ  ᠬᠡᠮᠵᠢᠬᠦ ᠳᠤ  ᠬᠢᠨᠠᠯᠲᠠ  ᠲᠠᠯᠪᠢᠵᠤ  ᠬᠠᠤᠯᠢ  ᠬᠡᠷᠡᠭᠵᠢᠭᠦᠯᠬᠦ  ᠠᠵᠢᠯ ᠢᠶᠠᠨ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ  ᠪᠠᠶᠢᠴᠠᠭᠠᠨ  ᠬᠡᠮᠵᠢᠯᠲᠡ  ᠬᠢᠭᠰᠡᠨ  ᠡᠮᠴᠢᠯᠡᠭᠡ  ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠢ  ᠬᠠᠤᠯᠢ  ᠲᠣᠭᠲᠠᠭᠠᠯ  ᠶᠣᠰᠣᠭᠠᠷ  ᠴᠢᠩᠭ᠎ᠠ  ᠰᠢᠢᠳᠪᠦᠷᠢᠯᠡᠬᠦ ᠬᠡᠷᠡᠭᠲᠡᠶ ᠬᠡᠵᠠᠢ᠃                ᠮᠠᠨ ᠤ ᠤᠯᠤᠰ ᠠᠯᠢ ᠡᠷᠲᠡ 2013 ᠣᠨ ᠳᠤ ︽ᠬᠡᠤᠬᠡᠳ ᠤᠨ ᠪᠢᠴᠢᠯ ᠡᠯᠧᠮᠧᠨ᠋ᠲ ᠢ ᠬᠡᠮᠵᠢᠬᠦ ᠶᠢ  ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠬᠦᠨ ᠢ ᠨᠡᠶᠢᠳᠡᠮ ᠪᠠᠶᠢᠴᠠᠭᠠᠯᠲᠠ ᠶᠢᠨ ᠳᠦᠷᠦᠯ ᠪᠣᠯᠭᠠᠬᠤ ᠨᠢ ᠵᠣᠬᠢᠰ ᠥᠬᠡᠶ᠂ ᠢᠯᠠᠩᠭᠤᠶ᠎ᠠ 6 ᠰᠠᠷ᠎ᠠ ᠪᠤᠯᠤᠭ᠎ᠠ ᠦᠬᠡᠢ ᠨᠢᠯᠬ᠎ᠠ ᠬᠡᠤᠬᠡᠳ ᠲᠤ ᠨᠡᠩ ᠪᠤᠯᠬᠤ ᠦᠬᠡᠢ ᠭᠡᠵᠦ  ᠲᠣᠳᠣᠷᠬᠠᠶ  ᠵᠢᠭᠠᠭᠰᠠᠨ  ᠪᠣᠯᠪᠠᠴᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ   ᠬᠢᠨ ᠤ  ᠤᠴᠢᠷ  ᠪᠤᠯᠭᠠᠭ᠎ᠠ  ᠦᠬᠡᠢ  ᠪᠠᠶᠢᠳᠠᠯ  ᠦᠷᠬᠦᠯᠵᠢᠯᠡᠭᠰᠡᠭᠡᠷ ᠢᠷᠡᠭᠰᠡᠨ ᠪᠠᠶᠢᠨ᠎ᠠ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号