ᠶᠢᠨ ᠶᠦᠩ ᠯᠢ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/1
    8 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃        ᠶᠢᠨ ᠶᠦᠩ ᠯᠢ ᠨᠡᠷ ᠤᠷᠢᠳ ᠬᠤᠵᠢᠳ ᠪᠤᠭᠤᠲᠤ ᠶᠢᠨ ᠪᠤᠯᠤᠳ ᠲᠡᠮᠦᠷ ᠤᠨ ᠭᠤᠷᠪᠠᠳᠤᠭᠠᠷ ᠳᠤᠮᠳᠠᠳᠤ ᠰᠤᠷᠭᠠᠭᠤᠯᠢ᠂ ᠪᠤᠭᠤᠲᠤ ᠶᠢᠨ ᠪᠤᠯᠤᠳ ᠲᠡᠮᠦᠷ ᠤᠨ ᠲᠤᠷᠰᠢᠯᠲᠠ ᠶᠢᠨ ᠨᠢᠭᠡᠳᠦᠭᠡᠷ ᠪᠠᠭ᠎ᠠ ᠰᠤᠷᠭᠠᠭᠤᠯᠢ᠂ ᠪᠤᠭᠤᠲᠤ ᠶᠢᠨ ᠪᠤᠯᠤᠳ ᠲᠡᠮᠦᠷ ᠤᠨ ᠲᠠᠪᠤᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ᠂ ᠬᠥᠨᠳᠡᠯᠡᠨ ᠲᠣᠭᠤᠷᠢᠭ ᠤᠨ ᠴᠤᠸᠠᠩ ᠴᠢ ᠠᠩᠭ᠍ᠯᠢ ᠬᠡᠯᠡᠨ ᠤ ᠪᠣᠯᠪᠠᠰᠤᠷᠠᠯ ᠤᠨ ᠰᠤᠷᠭᠠᠭᠤᠯᠢ ᠳᠤ ᠬᠦᠷᠴᠦ᠂ ᠬᠦᠷᠦᠭᠰᠡᠨ ᠭᠠᠵᠠᠷ ᠪᠣᠯᠭᠠᠨ ᠳᠤ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠪᠠᠭᠰᠢ ᠶᠢᠨ ᠡᠩᠨᠡᠭᠡ᠂ ᠰᠤᠷᠤᠭᠴᠢ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃      ᠶᠢᠨ ᠶᠦᠩ ᠯᠢ᠂ ᠰᠤᠷᠭᠠᠨ ᠬᠥᠮᠦᠵᠢᠯ ᠤᠨ ᠦᠢᠯᠡᠰ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠳᠤ ᠬᠤᠯᠪᠤᠬᠳᠠᠬᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠭᠠᠵᠠᠷ ᠣᠷᠣᠨ ᠤ ᠣᠨᠴᠠᠯᠢᠭ ᠢ ᠳᠣᠪᠤᠶᠢᠯᠭᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠢᠳᠡᠪᠬᠢᠲᠡᠶ ᠵᠣᠷᠢᠭᠵᠢᠭᠤᠯᠤᠨ ᠳᠡᠮᠵᠢᠵᠦ᠂ ᠰᠤᠷᠭᠠᠨ ᠬᠥᠮᠦᠵᠢᠯ ᠤᠨ ᠲᠠᠰ ᠳᠡᠪᠰᠢᠬᠦ ᠶᠢ ᠬᠦᠴᠦᠯᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠲᠤᠭᠤᠷᠢᠭ ᠢ ᠲᠦᠷᠭᠡᠳᠬᠡᠨ ᠪᠥᠲᠥᠭᠡᠨ ᠪᠠᠶᠢᠭᠤᠯᠵᠤ᠂ ᠪᠥᠬᠦ ᠲᠤᠭᠤᠷᠢᠭ ᠤᠨ ᠲᠡᠷᠢᠭᠦᠨ ᠵᠡᠷᠭᠡ ᠶᠢᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ ᠬᠡᠵᠤ ᠵᠢᠭᠠᠵᠤ ᠭᠠᠷᠭᠠᠵᠠᠢ᠃      ᠶᠢᠨ ᠶᠦᠩ ᠯᠢ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠠᠭᠰᠢ ᠶᠢᠨ ᠬᠡᠪ ᠪᠣᠯᠪᠠᠰᠤᠷᠠᠯ ᠪᠠ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠰᠢᠯᠢᠳᠡᠭ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠠᠮᠤᠷ ᠲᠦᠪᠰᠢᠨ ᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠪᠣᠯᠤᠨ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠬᠡᠷᠡᠮ︾ ᠢ ᠪᠠᠲᠤ ᠴᠣᠭᠴᠠᠯᠠᠵᠤ᠂ ᠰᠤᠷᠭᠠᠭᠤᠯᠢ ᠡᠬᠢᠯᠡᠬᠦ ᠡᠮᠬᠢ ᠵᠢᠷᠤᠮ ᠲᠠᠢ ᠪᠠᠶᠢᠬᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠵᠠᠢ᠃     ᠲᠤᠭᠤᠷᠢᠭ ᠤᠨ ᠤᠳᠤᠷᠢᠳᠤᠯᠭ᠎ᠠ ᠶᠢᠨ ᠹᠸᠢ ᠯᠦᠩ᠂ ᠢᠦᠶ ᠵᠠᠨ ᠵᠢᠶᠠᠩ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠨᠠᠶᠢᠷᠠᠭᠤᠯᠤᠭᠴᠢ᠄ ᠵᠧᠦ  ᠷᠤ᠋︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号