ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠢ ᠵᠠᠰᠠᠬᠤ ᠭᠤᠤᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠮᠠᠨ ᠤ ᠲᠤᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2021/9/12
     ᠬᠠᠷᠢᠶ᠎ᠠ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠬᠦᠴᠦᠨ ᠢᠶᠠᠷ ᠰᠠᠶᠢᠵᠢᠷᠠᠭᠤᠯᠬᠤ ᠶᠢᠨ ᠲᠦᠯᠦᠬᠡ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠬᠠᠷᠢᠶ᠎ᠠ ᠣᠷᠣᠨ ᠤ ᠳᠣᠲᠣᠷᠠᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 2021 ᠤᠨ ᠠᠮᠢ ᠠᠬᠤᠢ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ 25 ᠲᠥᠷᠥᠯ ᠵᠦᠢᠯ ᠢ ᠬᠡᠷᠡᠭᠵᠢᠭᠦᠯᠵᠦ ᠂ ᠵᠢᠱᠢᠯᠲᠡ ᠪᠠᠷ ᠡᠨᠡ ᠵᠢᠯ 13.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠣᠳᠣ ᠪᠣᠯᠲᠠᠯ᠎ᠠ 5.47 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ ᠡᠭᠦᠨ ᠳᠤ᠂ ᠪᠤᠭᠤᠲᠤ ᠶᠢᠨ ᠪᠣᠯᠣᠳ ᠲᠡᠮᠦᠷ ᠤᠨ ᠹᠧᠨᠣᠯ ᠼᠢᠶᠠᠨᠲᠤ ᠬᠠᠶᠠᠭᠳᠠᠮᠠᠯ ᠤᠰᠤ ᠶᠢ ᠨᠠᠷᠢᠯᠢᠭ ᠰᠢᠢᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ ᠲᠥᠪ ᠤᠨ ᠶᠡᠷᠦᠩᠬᠡᠶᠢᠯᠡᠭᠰᠡᠨ ᠮᠠᠲ᠋ᠧᠷᠢᠶᠠᠯ ᠤᠨ ᠲᠠᠯᠠᠪᠠᠶ ᠶᠢ ᠪᠢᠲᠡᠭᠦᠮᠵᠢᠯᠡᠬᠦ ᠵᠡᠷᠭᠡ 5 ᠲᠥᠷᠥᠯ ᠵᠦᠢᠯ ᠢ ᠨᠢᠭᠡᠨᠲᠡ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ 1500 ᠲᠡᠭᠰᠢ ᠳᠥᠷᠪᠡᠯᠵᠢᠨ ᠮᠧᠲᠷ ᠤᠨ ᠰᠢᠲᠠᠭᠠᠨ ᠪᠠᠷᠢᠯᠳᠤᠭᠤᠯᠬᠤ ᠮᠠᠰᠢᠨ ᠤ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ᠂ ᠨᠡᠭᠦᠷᠡᠰᠦ ᠶᠢ ᠬᠡᠦᠷᠰᠢᠬᠦᠯᠬᠦ ᠬᠤᠪᠢᠶᠠᠷᠢ ᠺᠣᠮᠫᠠᠨᠢ ᠶᠢᠨ 56 ᠬᠡᠦᠷᠰᠢᠬᠦᠯᠬᠦ ᠵᠤᠤᠬ᠎ᠠ ᠶᠢᠨ ᠨᠡᠮᠡᠵᠦ ᠲᠣᠬᠢᠷᠠᠭᠤᠯᠤᠭᠰᠠᠨ ᠮᠠᠰᠢᠨ ᠤ ᠬᠤᠭ ᠲᠣᠭᠤᠰᠣ ᠶᠢ ᠠᠷᠢᠯᠭᠠᠬᠤ ᠵᠡᠷᠭᠡ 8 ᠲᠥᠷᠥᠯ ᠵᠦᠢᠯ ᠢ ᠶᠠᠭ ᠪᠥᠲᠥᠭᠡᠨ ᠪᠠᠶᠢᠭᠤᠯᠵᠤ ᠪᠠᠶᠢᠨ᠎ᠠ᠂ ᠰᠢᠲᠠᠭᠠᠨ ᠪᠠᠷᠢᠯᠳᠤᠭᠤᠯᠬᠤ ᠬᠤᠶᠠᠳᠤᠭᠠᠷ ᠬᠡᠯᠲᠡᠰ ᠤᠨ 1265 ᠲᠡᠭᠰᠢ ᠳᠥᠷᠪᠡᠯᠵᠢᠨ ᠮᠧᠲᠷ ᠤᠨ ᠰᠢᠲᠠᠭᠠᠨ ᠪᠠᠷᠢᠯᠳᠤᠭᠤᠯᠬᠤ ᠮᠠᠰᠢᠨ ᠤ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ᠂ ᠪᠤᠭᠤᠲᠤ ᠶᠢᠨ ᠪᠣᠯᠣᠳ ᠲᠡᠮᠦᠷ ᠤᠨ ᠨᠡᠬᠦᠷᠡᠰᠦ ᠶᠢ ᠬᠡᠦᠷᠰᠢᠵᠢᠬᠦᠯᠬᠦ ᠬᠤᠪᠢᠶᠠᠷᠢ ᠺᠣᠮᠫᠠᠨᠢ ᠶᠢᠨ ᠭᠤᠷᠪᠠᠨ ᠢᠵᠢ ᠨᠡᠭᠦᠷᠡᠰᠦᠨ ᠬᠡᠶ ᠶᠢ ᠴᠡᠪᠡᠷᠰᠢᠭᠦᠯᠬᠦ ᠰᠢᠰᠲ᠋ᠧᠮ ᠤᠨ ᠬᠠᠶᠠᠬᠳᠠᠮᠠᠯ ᠬᠡᠶ ᠶᠢ ᠵᠠᠰᠠᠬᠤ ᠵᠡᠷᠭᠡ 12 ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ ᠭᠠᠷᠳᠡᠮ ᠢ ᠬᠦᠢᠴᠡᠳᠬᠡᠵᠤ ᠪᠤᠢ᠃  ︵ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠡ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号