﹇ᠬᠦᠴᠢᠷᠳᠡᠯ ᠲᠠᠢ ᠪᠤᠯ ᠨᠠᠳᠠ ᠶᠢ ᠡᠷᠢ᠂ ᠪᠢ ᠪᠣᠯ ᠨᠠᠮ ᠤᠨ ᠭᠡᠰᠢᠭᠦᠨ ᠪᠢ ᠲᠠᠨ ᠢ ᠬᠠᠪᠰᠤᠷᠤᠶ᠎ᠠ﹈  ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠰᠠᠶᠢᠨ ᠲᠤᠷᠠᠴᠤᠳ ᠤᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/9/13
    ᠬᠠᠤᠯᠢ ᠴᠠᠭᠠᠵᠠ ᠶᠢᠨ ᠰᠠᠶᠢᠨ ᠳᠤᠷᠠᠴᠤᠳ ᠤᠨ ᠬᠠᠤᠯᠢ ᠶᠢ ᠲᠦᠭᠡᠮᠡᠯᠵᠢᠭᠦᠯᠬᠦ ᠳᠠᠭᠠᠭᠤᠯᠤᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠮᠠᠨ ᠤ ᠲᠤᠭᠤᠷᠢᠭ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠲᠥᠪ ᠠᠴᠠ ᠬᠠᠮᠲᠤᠷᠠᠨ ᠡᠷᠭᠢᠯᠡᠭᠰᠡᠨ ᠬᠠᠤᠯᠢ ᠴᠠᠭᠠᠵᠠ ᠶᠢᠨ ᠰᠠᠶᠢᠨ ᠳᠤᠷᠠᠴᠤᠳ ᠤᠨ ᠪᠣᠯᠪᠠᠰᠤᠷᠠᠯ ᠤᠨ ᠠᠩᠭᠢ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠢᠴᠢᠶᠡᠯ ᠡᠬᠢᠯᠡᠵᠤ᠂ ᠪᠥᠬᠦ ᠲᠤᠭᠤᠷᠢᠭ  ᠤᠨ ᠡᠯ᠎ᠡ ᠨᠢᠭᠡᠴᠢ ᠶᠢᠨ ᠬᠠᠤᠯᠢ ᠴᠠᠭᠠᠵᠠ ᠶᠢᠨ ᠰᠠᠶᠢᠨ ᠳᠤᠷᠠᠴᠤᠳ ᠨᠡᠶᠢᠲᠡ 116 ᠬᠥᠮᠦᠨ ᠪᠣᠯᠪᠠᠰᠤᠷᠠᠯ ᠳᠤ ᠣᠷᠣᠯᠴᠠᠪᠠ᠃
    ᠪᠣᠯᠪᠠᠰᠤᠷᠠᠯ ᠤᠨ ᠠᠩᠭᠢ ᠨᠢ ᠲᠣᠭᠤᠷᠢᠭ ᠤᠨ ᠰᠢᠭᠦᠬᠦ ᠬᠤᠷᠢᠶᠠᠨ ᠤ ᠰᠢᠭᠦᠭᠴᠢ ᠰᠤᠷᠤᠨ᠎ᠠ᠂ ᠾᠧ ᠮᠢᠶᠣᠣ ᠮᠢᠶᠣᠣ ᠶᠢ ᠤᠷᠢᠵᠤ᠂ ᠬᠥᠳᠡᠯᠮᠦᠷᠢ ᠦᠢᠯᠡᠴᠢᠯᠡᠬᠡᠨ ᠤ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠤᠷ᠎ᠠ ᠮᠡᠷᠭᠡᠵᠢᠯ ᠂ ᠭᠠᠷ ᠳᠠᠮᠵᠢᠭᠰᠠᠨ ᠬᠡᠷ ᠪᠠᠶᠢᠰᠢᠩ ᠢ ᠬᠤᠳᠠᠯᠳᠤᠭᠠᠯᠠᠬᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠵᠡᠷᠭᠡ ᠠᠭᠤᠯᠭ᠎ᠠ ᠶᠢᠨ ᠲᠤᠬᠠᠶ ᠲᠣᠰ ᠲᠣᠰ ᠨᠠᠷᠢᠨ ᠲᠠᠶᠢᠯᠤᠮᠵᠢ ᠬᠢᠯᠭᠡᠪᠡ᠃ ᠬᠤᠶᠠᠷ ᠰᠢᠬᠦᠭᠴᠢ ᠪᠤᠳᠠᠳᠤ ᠬᠡᠷᠡᠭ ᠤᠨ ᠵᠢᠱᠢᠶ᠎ᠡ ᠪᠠᠷ ᠬᠠᠤᠯᠢ ᠶᠢ  ᠲᠠᠶᠢᠯᠪᠤᠷᠢᠯᠠᠵᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠪᠣᠳᠠᠲᠤ ᠠᠮᠢᠳᠤᠷᠠᠯ ᠤᠨ ᠳᠤᠮᠳᠠᠬᠢ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠦᠬᠦᠮ ᠣᠶᠢᠯᠠᠭᠠᠮᠵᠢᠲᠠᠢ ᠬᠡᠯᠡ ᠬᠡᠯᠡᠯᠭᠡ ᠪᠠᠷ ᠰᠠᠶᠢᠨ ᠲᠤᠷᠠᠴᠤᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠤᠷ ᠲᠤ ᠪᠠᠶᠢᠭᠰᠠᠨ ᠰᠠᠶᠢᠨ ᠲᠤᠷᠠᠴᠤᠳ ᠤᠨ ᠰᠠᠶᠢᠨ ᠦᠨᠡᠯᠡᠯᠲᠡ ᠶᠢ ᠣᠯᠵᠠᠢ᠃ ᠤᠯᠠᠨ ᠢᠶᠠᠷ ᠢᠶᠠᠨ᠂ ᠲᠤᠰ ᠤᠳᠠᠭᠠᠨ ᠤ ᠪᠣᠯᠪᠠᠰᠤᠷᠠᠯ ᠨᠢ ᠤᠯᠠᠨ ᠤ ᠬᠠᠦᠯᠢᠵᠢᠯ ᠤᠨ ᠰᠡᠳᠬᠢᠬᠦᠢ ᠪᠠ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠪᠡ᠂ ᠬᠤᠶᠢᠰᠢᠳᠠ ᠥᠨᠥᠳᠦᠷ ᠤᠨ ᠰᠤᠷᠴᠤ ᠡᠵᠡᠮᠰᠢᠭᠰᠡᠨ ᠬᠠᠤᠯᠢ ᠴᠠᠭᠠᠵᠠ ᠶᠢᠨ ᠮᠡᠳᠡᠯᠭᠡ ᠪᠠᠨ ᠪᠣᠳᠠᠲᠤ ᠠᠮᠢᠳᠤᠷᠠᠯ ᠤᠨ ᠳᠤᠮᠳᠠ ᠬᠡᠷᠡᠭᠯᠡᠵᠦ᠂ ᠳᠡᠷᠭᠡᠳᠡᠬᠢ ᠤᠯᠠᠨ ᠲᠦᠮᠡᠨ ᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠢᠳᠡᠪᠬᠢᠲᠡᠢ ᠲᠠᠶᠢᠴᠢᠯᠠᠨ᠎ᠠ ᠭᠡᠵᠦ ᠢᠯᠡᠳᠬᠡᠵᠡᠭᠡᠪᠡ᠃       ᠬᠠᠤᠯᠢ ᠴᠠᠭᠠᠵᠠ ᠶᠢᠨ ᠰᠠᠶᠢᠨ ᠳᠤᠷᠠᠴᠤᠳ ᠪᠣᠯ ᠮᠠᠨ ᠤ ᠲᠤᠭᠤᠷᠢᠭ ᠤᠨ ᠦᠨᠳᠦᠰᠦᠨ ᠱᠠᠲᠤᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠴᠢᠬᠤᠯᠠ ᠠᠮᠢᠳᠤᠯᠢᠭ ᠬᠦᠴᠦᠨ ᠮᠥᠨ᠂ ᠬᠠᠤᠯᠢᠵᠢᠯ ᠤᠨ ᠨᠡᠶᠢᠭᠡᠮ ᠢ ᠪᠠᠶᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠮᠠᠨ ᠤ ᠲᠤᠭᠤᠷᠢᠭ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠪᠦᠲᠦᠮᠵᠢᠲᠡᠶ ᠳᠡᠭᠡᠭᠰᠢᠯᠡᠭᠦᠯᠵᠦ᠂ ᠬᠠᠤᠯᠢᠵᠢᠯ ᠤᠨ ᠨᠡᠶᠢᠭᠡᠮ ᠢ ᠪᠥᠲᠥᠭᠡᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃  ︵ᠨᠠᠶᠢᠷᠠᠭᠤᠯᠤᠭᠴᠢ᠄ ᠵᠧᠦ ᠷᠦ︶    
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号