﹇ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠶᠠᠪᠤᠬᠳᠠᠵᠤ ᠪᠠᠶᠢᠨ᠎ᠠ﹈    ᠲᠠᠪᠰᠢᠯᠳᠠ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠦᠷᠢᠮ ᠲᠤᠬᠳᠠᠭᠠᠯ ᠠᠴᠠ ᠵᠥᠷᠢᠴᠡᠭᠰᠡᠨ 68 ᠭᠠᠵᠠᠷ ᠲᠠᠬᠢ ᠪᠠᠷᠢᠯᠭ᠎ᠠ ᠶᠢ ᠲᠥᠪᠯᠡᠷᠡᠭᠦᠯᠦᠨ ᠨᠤᠷᠠᠭᠠᠪᠠ
ᠨᠡᠶᠢᠲᠡᠯᠡᠭᠰᠡᠨ ᠴᠠᠭ᠄
2021/9/2
      ᠬᠤᠪᠢ ᠬᠦᠮᠦᠨ ᠤ ᠳᠤᠷ᠎ᠠ ᠪᠠᠷ ᠢᠶᠠᠨ ᠪᠠᠶᠢᠭᠤᠯᠤᠭᠰᠠᠨ ᠲᠦᠷᠢᠮ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠨᠢ ᠬᠤᠷᠢᠶᠠᠯᠠᠯ ᠤᠨ ᠴᠡᠪᠡᠷ ᠲᠡᠭᠰᠢ ᠭᠤᠶᠣ ᠪᠠᠶᠢᠬᠤ ᠶᠢ ᠨᠥᠯᠥᠭᠡᠯᠡᠭᠰᠡᠨ ᠢᠶᠠᠷ ᠪᠠᠷᠠᠬᠤ ᠥᠬᠡᠶ ᠪᠠᠰᠠ ᠠᠮᠤᠷ ᠲᠦᠪᠰᠢᠨ ᠤ ᠳᠠᠯᠳᠠ ᠬᠡᠮ ᠢ ᠠᠪᠴᠢᠷᠠᠭᠰᠠᠨ ᠪᠠᠶᠢᠨ᠎ᠠ᠃ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ 8 ᠰᠠᠷ᠎ᠠ ᠶᠢᠨ 30 ᠤ ᠡᠳᠦᠷ᠂ ᠲᠠᠪᠰᠢᠯᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠪᠤᠯᠤᠳ ᠲᠡᠮᠦᠷ 37 ᠬᠡᠷ ᠬᠤᠷᠢᠶᠠᠯᠠᠯ ᠤᠨ ᠲᠦᠷᠢᠮ ᠲᠣᠭᠲᠠᠭᠠᠯ ᠠᠴᠠ ᠵᠥᠷᠢᠴᠡᠭᠰᠡᠨ 68  ᠭᠠᠵᠠᠷ ᠲᠠᠬᠢ ᠪᠠᠷᠢᠯᠭ᠎ᠠ ᠶᠢ ᠲᠥᠪᠯᠡᠷᠡᠭᠦᠯᠦᠨ ᠨᠤᠷᠠᠭᠠᠪᠠ᠃
       ᠪᠣᠯᠣᠳ ᠲᠡᠮᠦᠷ 37 ᠬᠡᠷ ᠬᠤᠷᠢᠶᠠᠯᠠᠯ ᠢ 1999 ᠣᠨ ᠳᠤ ᠡᠬᠢᠯᠡᠨ ᠪᠠᠶᠢᠭᠤᠯᠵᠤ᠂ 14 ᠣᠷᠣᠨ ᠰᠠᠭᠤᠴᠠ ᠶᠢᠨ ᠠᠰᠠᠷ ᠲᠠᠢ᠂ 792 ᠡᠷᠦᠬᠡ ᠰᠠᠭᠤᠭᠠᠯᠢ ᠠᠷᠠᠳ ᠪᠤᠢ᠃ ᠣᠶᠢᠷ᠎ᠠ ᠶᠢᠨ ᠵᠢᠯ ᠤᠳ ᠲᠤ᠂ ᠰᠠᠭᠤᠭᠠᠯᠢ ᠠᠷᠠᠳ ᠬᠤᠷᠢᠶᠠᠯᠠᠯ ᠲᠤᠳᠤᠷ᠎ᠠ ᠲᠠᠰᠤᠷᠠᠯᠲᠠ ᠥᠬᠡᠶ ᠲᠦᠷᠢᠮ ᠲᠤᠬᠳᠠᠭᠠᠯ ᠠᠴᠠ ᠵᠥᠷᠢᠴᠡᠨ ᠪᠠᠷᠢᠯᠭ᠎ᠠ ᠪᠠᠶᠢᠭᠤᠯᠵᠠᠢ᠂ ᠡᠲᠡᠭᠡᠷ ᠲᠦᠷᠢᠮ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠨᠢ ᠣᠯᠠᠨ ᠨᠡᠶᠢᠲᠡ ᠶᠢᠨ ᠬᠡᠷᠡᠭᠯᠡᠬᠦ ᠭᠠᠵᠠᠷ ᠢ ᠰᠢᠬᠠᠨ ᠡᠵᠡᠯᠡᠭᠰᠡᠨ ᠢᠶᠠᠷ ᠪᠠᠷᠠᠬᠤ ᠥᠬᠡᠶ ᠰᠠᠭᠤᠭᠠᠯᠢ ᠠᠷᠠᠳ ᠤᠨ ᠣᠷᠣᠵᠤ ᠭᠠᠷᠬᠤ ᠶᠢ ᠴᠤ ᠨᠥᠯᠥᠭᠡᠯᠡᠵᠦ᠂ ᠵᠠᠷᠢᠮ ᠨᠢ ᠪᠠᠰᠠ ᠭᠠᠵᠠᠷ ᠳᠤᠤᠷᠠᠬᠢ ᠲᠤᠤᠷ ᠬᠤᠭᠤᠯᠠᠶ ᠶᠢ ᠡᠵᠡᠯᠡᠨ ᠬᠡᠷᠡᠭᠯᠡᠵᠤ᠂ ︽ᠭᠤᠷᠪᠠᠨ ᠬᠠᠩᠭᠠᠯᠭ᠎ᠠ ᠨᠢᠭᠡ ᠬᠠᠮᠢᠶᠠᠷᠤᠯᠳᠠ ︾  ᠶᠢᠨ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠪᠠ ᠬᠡᠷ ᠬᠤᠷᠢᠶᠠᠯᠠᠯ ᠤᠨ ᠣᠷᠴᠢᠨ ᠲᠣᠭᠤᠷᠢᠨ ᠤ ᠴᠡᠪᠡᠷ ᠰᠠᠶᠢᠬᠠᠨ ᠢ ᠬᠦᠨᠳᠦ ᠨᠣᠴᠢᠲᠠᠶ ᠨᠦᠯᠦᠭᠡᠯᠡᠭᠰᠡᠨ ᠪᠠᠶᠢᠨ᠎ᠠ᠃       ᠲᠡᠪᠰᠢᠯᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠪᠠᠨ ᠬᠠᠤᠯᠢ ᠬᠡᠷᠡᠭᠵᠢᠭᠦᠯᠬᠦ ᠲᠣᠪᠴᠢᠶᠠᠨ ᠤ ᠲᠡᠪᠰᠢᠯᠳᠠ ᠵᠡᠬᠡᠯᠢ ᠭᠤᠳᠤᠮᠵᠢ ᠶᠢᠨ ᠳᠤᠮᠳᠠ ᠠᠩᠭᠢ᠂ ᠲᠡᠪᠰᠢᠯᠳᠠ ᠵᠠᠮ ᠤᠨ ᠲᠣᠮᠢᠯᠠᠭᠰᠠᠨ ᠰᠠᠯᠪᠤᠷᠢ ᠪᠣᠯᠤᠨ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠬᠠᠤᠯᠢ ᠬᠡᠷᠡᠭᠵᠢᠭᠦᠯᠬᠦ ᠬᠠᠮᠲᠤᠷᠠᠭᠰᠠᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠦᠷᠢᠮ ᠲᠤᠬᠳᠠᠭᠠᠯ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠬᠤ ᠠᠬᠢᠴᠠ ᠪᠠ ᠠᠵᠢᠯᠲᠠᠨ ᠤ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠪᠠ ᠬᠡᠷ ᠬᠤᠷᠢᠶᠠᠯᠠᠯ ᠤᠨ ᠲᠤᠤᠷᠵᠢᠭᠤᠯᠤᠯᠳᠠ ᠶᠢᠨ ᠠᠵᠢᠯᠲᠠᠨ᠂ ᠠᠳᠠᠯ ᠠᠬᠤᠶ ᠶᠢᠨ  ᠬᠠᠮᠢᠶᠠᠷᠤᠯᠳᠠ ᠶᠢᠨ ᠠᠵᠢᠯᠲᠠᠨ ᠣᠯᠠᠨ ᠤᠳᠠᠭ᠎ᠠ ᠰᠠᠭᠤᠭᠠᠯᠢ ᠠᠷᠠᠳ ᠤᠨ ᠡᠷᠦᠬᠡ ᠪᠠᠷ ᠬᠦᠨᠵᠡᠬᠡᠶᠢᠷᠡᠵᠤ᠂ ᠰᠠᠭᠤᠭᠠᠯᠢ ᠠᠷᠠᠳ ᠤᠨ ᠦᠵᠡᠯ ᠰᠠᠨᠠᠭᠠᠨ ᠤ ᠠᠵᠢᠯ ᠢ ᠬᠠᠯᠠᠰᠢᠷᠠᠯ ᠥᠬᠡᠶ ᠬᠢᠭᠰᠡᠨ ᠤ ᠬᠠᠮᠲᠤ᠂ ᠲᠦᠷᠢᠮ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ ᠴᠡᠭᠴᠡᠯᠡᠬᠦ ᠮᠡᠳᠡᠭᠳᠡᠯ ᠤᠨ ᠪᠢᠴᠢᠭ ᠪᠠᠭᠤᠯᠭᠠᠪᠠ᠂ ᠣᠯᠠᠩᠬᠢ ᠰᠠᠭᠤᠭᠠᠯᠢ ᠠᠷᠠᠳ ᠲᠦᠷᠢᠮ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠵᠤ ᠴᠡᠪᠡᠷᠯᠡᠬᠦ ᠠᠵᠢᠯ ᠢ ᠤᠶᠢᠯᠠᠭᠠᠨ ᠳᠡᠮᠵᠢᠵᠦ ᠪᠠᠶᠢᠬᠤ ᠪᠠᠨ ᠢᠯᠡᠷᠬᠡᠶᠢᠯᠡᠭᠰᠡᠨ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠨᠤᠷᠠᠭᠠᠪᠠ᠃     ᠬᠠᠤᠯᠢ ᠬᠡᠷᠡᠭᠵᠢᠭᠦᠯᠬᠦ ᠠᠵᠢᠯᠲᠠᠨ ᠨᠢᠬᠡ ᠡᠳᠦᠷ ᠤᠨ ᠬᠤᠭᠤᠴᠠᠭ᠎ᠠ ᠬᠡᠷᠡᠭᠰᠡᠵᠤ ᠲᠦᠷᠢᠮ ᠲᠤᠬᠳᠠᠭᠠᠯ ᠠᠴᠠ ᠵᠥᠷᠢᠴᠡᠭᠰᠡᠨ 68 ᠭᠠᠵᠠᠷ ᠲᠠᠬᠢ ᠪᠠᠷᠢᠯᠭ᠎ᠠ ᠶᠢ ᠨᠤᠷᠠᠭᠠᠵᠤ᠂  ᠬᠤᠪᠢ ᠬᠦᠮᠦᠨ ᠤ ᠳᠤᠷ᠎ᠠ ᠪᠠᠷ ᠢᠶᠠᠨ ᠲᠦᠷᠢᠮ ᠲᠤᠬᠳᠠᠭᠠᠯ ᠠᠴᠠ ᠵᠦᠷᠢᠴᠡᠵᠤ ᠪᠠᠷᠢᠯᠭ᠎ᠠ ᠪᠠᠷᠢᠬᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠡᠶᠢᠲᠡ ᠶᠢᠨ ᠬᠡᠷᠡᠭᠯᠡᠬᠦ ᠭᠠᠵᠠᠷ ᠢ ᠰᠠᠭᠤᠭᠠᠯᠢ ᠠᠷᠠᠳ ᠲᠤ ᠰᠤᠯᠠᠯᠠᠨ ᠥᠭᠴᠦ᠂ ᠬᠡᠷ ᠬᠤᠷᠢᠶᠠᠯᠠᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ︵ᠰᠤᠷᠪᠤᠯᠵᠢᠯᠠᠭᠴᠢ᠄ ᠭᠤᠤ ᠰᠢᠤᠢ   ᠨᠠᠶᠢᠷᠠᠭᠤᠯᠤᠭᠴᠢ᠄ ᠵᠧᠦ ᠷᠤ᠋︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号