﹇ᠨᠠᠮ ᠤᠨ ᠲᠡᠦᠬᠡ ᠶᠢ ᠰᠣᠷᠴᠣ᠂ ᠦᠵᠡᠯ ᠰᠠᠨᠠᠭ᠎ᠠ ᠶᠢ ᠣᠬᠠᠵᠣ᠂᠂ ᠪᠣᠳᠠᠲᠤ ᠶᠠᠪᠤᠳᠠᠯ ᠢ ᠬᠢᠵᠦ᠂ ᠰᠢᠨ᠎ᠡ ᠪᠠᠶᠢᠳᠠᠯ ᠢ ᠨᠡᠭᠡᠭᠡᠶ᠎ᠡ﹈  ᠪᠤᠷᠬᠠᠨᠲᠤ ᠪᠠᠯᠭᠠᠰᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ︽ᠨᠢᠭᠡ ᠰᠡᠳᠬᠢᠯ ᠢᠶᠠᠷ ᠨᠠᠮ ᠢᠶᠠᠨ ᠳᠠᠭᠠᠵᠤ᠂ ᠤᠷᠠᠨ ᠵᠤᠬᠢᠶᠠᠯ ᠤᠩᠰᠢᠶ᠎ᠡ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2021/9/2
    8 ᠰᠠᠷ᠎ᠠ ᠶᠢᠨ 30 ᠤ ᠡᠳᠦᠷ᠂ ᠬᠥᠨᠳᠡᠯᠡᠨ ᠲᠣᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠪᠤᠷᠬᠠᠨᠲᠤ ᠪᠠᠯᠭᠠᠰᠤ ᠲᠠᠢ ᠬᠠᠮᠲᠤᠷᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ︽ᠨᠢᠭᠡ ᠰᠡᠳᠬᠢᠯ ᠢᠶᠠᠷ ᠨᠠᠮ ᠢᠶᠠᠨ ᠳᠠᠭᠠᠵᠤ᠂ ᠤᠷᠠᠨ ᠵᠤᠬᠢᠶᠠᠯ ᠤᠩᠰᠢᠶ᠎ᠡ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃  
    ᠲᠣᠰ ᠤᠳᠠᠭᠠᠨ ᠤ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠠᠴᠠ ᠪᠣᠯᠵᠣ᠂ ᠲᠤᠰᠬᠠᠶᠢᠯᠠᠨ ᠰᠢᠭᠤᠳ ᠨᠡᠪᠲᠡᠷᠡᠭᠦᠯᠬᠦ᠂ ᠰᠢᠩᠭᠡᠭᠡᠨ ᠨᠡᠪᠲᠡᠷᠡᠭᠦᠯᠬᠦ ᠠᠷᠭ᠎ᠠ ᠶᠢ ᠠᠪᠴᠤ᠂ ᠨᠠᠩ ᠣᠯᠠᠨ ᠬᠥᠮᠦᠨ ᠤᠨ ᠡᠯ᠎ᠡ ᠲᠣᠰᠬᠤᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠤᠨ ᠲᠣᠭᠯᠠᠭᠰᠠᠨ ᠫᠷᠤᠭ᠍ᠷᠠᠮ ᠢ ᠰᠢᠯᠵᠢᠶ᠎ᠡ ᠲᠡᠭᠡᠷ᠎ᠡ ᠦᠵᠡᠵᠤ ᠲᠡᠶᠢᠯᠬᠦ ᠶᠢ ᠪᠡᠶᠡᠯᠡᠬᠦᠯᠵᠡᠢ᠃ ᠠᠵᠢᠯᠯᠠᠭ᠎ᠠ ᠨᠢ ᠪᠥᠵᠢᠭ ᠤᠨ ᠲᠣᠭᠯᠠᠯᠲᠠ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠪᠠᠷ ᠬᠥᠰᠢᠭᠡ ᠪᠠᠨ ᠰᠡᠬᠦᠵᠦ᠂ ᠭᠤᠶᠣᠮᠰᠤᠭ ᠬᠤᠪᠴᠠᠰᠤ ᠡᠮᠦᠰᠦᠭᠰᠡᠨ ᠲᠣᠭᠯᠠᠭᠴᠢᠳ ᠳᠠᠭᠤᠯᠠᠨ ᠪᠥᠵᠢᠭᠯᠡᠵᠦ᠂ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠭᠰᠡᠨ ᠲᠣᠰᠬᠤᠨ ᠤ ᠠᠷᠠᠳ ᠲᠤ ︽ᠡᠵᠢ ᠪᠣᠯ ᠳᠤᠮᠳᠠᠳᠤ ᠤᠯᠤᠰ︾ ᠭᠡᠬᠦ ᠳᠠᠭᠤᠤ ᠪᠥᠵᠢᠭ ᠤᠨ ᠲᠤᠬᠯᠠᠯᠳᠠ ᠶᠢ ᠰᠤᠨᠢᠷᠬᠠᠭᠤᠯᠵᠤ᠂ ︽ᠬᠤᠸᠠᠩ ᠵᠢᠶ ᠭᠤᠸᠠᠩ ᠤᠨ ᠥᠯᠢᠭᠡᠷ︾ ᠢ ᠤᠩᠰᠢᠨ ᠤᠯᠠᠨ ᠲᠠᠢ ᠬᠤᠪᠢᠶᠠᠯᠴᠠᠵᠤ᠂ ᠰᠢᠯᠦᠭ ︽ᠨᠠᠮ ᠮᠠᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ   ᠳᠤ ᠪᠢ ᠪᠠᠶᠢᠨ᠎ᠠ︾  ᠁ ᠭᠡᠬᠦ  ᠵᠡᠷᠬᠡ ᠨᠢ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠣᠯᠠᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠤᠷᠠᠯᠢᠭ ᠤᠨ ᠦᠪᠡᠳᠡᠭᠰᠢ ᠨᠠᠶᠢᠷ ᠢ ᠬᠦᠷᠬᠡᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠮᠠᠭᠲᠠᠨ ᠳᠠᠭᠤᠯᠠᠵᠤ᠂ ᠨᠣᠮ ᠤᠩᠰᠢᠬᠤ ᠶᠢᠨ ᠠᠴᠢ ᠬᠤᠯᠪᠣᠭᠳᠠᠯ ᠢ ᠤᠬᠠᠭᠤᠯᠪᠠ᠃ ᠦᠵᠡᠭᠴᠢᠳ ᠰᠢᠭᠤᠳ ᠨᠡᠪᠲᠡᠷᠡᠭᠦᠯᠭᠡ ᠶᠢᠨ  ᠲᠠᠰᠤᠭ ᠲᠤ᠄ ︽ᠠᠵᠢᠯᠯᠠᠭ᠎ᠠ ᠶᠢ ᠦᠨᠡᠬᠡᠷ ᠰᠠᠶᠢᠨ ᠡᠷᠬᠢᠯᠡᠵᠦ ᠪᠠᠢᠨ᠎ᠠ︾᠂ ︽ᠲᠣᠭᠯᠠᠯᠲᠠ ᠮᠠᠰᠢ ᠰᠣᠨᠢᠷᠬᠠᠯᠲᠠᠶ︾᠂ ︽ᠬᠥᠳᠡᠯᠭᠡᠭᠡᠨ ᠢ ᠦᠵᠡᠭᠡᠳ ᠮᠠᠰᠢ ᠰᠡᠩᠬᠡᠷᠡᠭᠦᠯᠦᠯ ᠣᠯᠪᠠ︾  ᠬᠡᠬᠦ ᠮᠡᠳᠤ ᠪᠠᠷ ᠦᠪᠡᠷ ᠦᠪᠡᠷ ᠤᠨ ᠪᠤᠳᠤᠯ ᠢᠶᠠᠨ ᠢᠯᠡᠳᠬᠡᠵᠤ ᠪᠠᠶᠢᠯ᠎ᠠ᠃  
     ᠨᠣᠮ ᠪᠢᠴᠢᠭ ᠲᠤᠷ ᠰᠢᠮᠳᠠᠪᠠᠯ ᠰᠠᠶ᠋ᠢ ᠬᠤᠯᠠ ᠶᠠᠪᠤᠵᠤ᠂ ᠬᠡᠬᠦᠳᠡᠭ ᠴᠡᠭᠡᠵᠢᠨ ᠠᠴᠠ ᠠᠪᠢᠶᠠᠰ ᠪᠢᠯᠢᠭ  ᠤᠨᠳᠤᠷᠤᠨ᠎ᠠ᠃ ᠣᠶᠢᠯᠠᠭᠠᠭᠰᠠᠨ ᠢᠶᠠᠷ᠂  ᠪᠦᠬᠦ ᠪᠤᠷᠬᠠᠨᠲᠤ ᠪᠠᠯᠭᠠᠰᠤ ᠲᠠᠶᠠᠭᠠᠷ ᠢᠶᠠᠨ ᠨᠤᠮ ᠤᠨ ᠬᠡᠰᠢᠭᠳᠦ ᠪᠤᠷᠬᠠᠨᠲᠤ ᠶᠢ ᠬᠦᠴᠦᠯᠡᠨ ᠪᠠᠶᠢᠭᠤᠯᠵᠤ᠂ ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠠᠴᠠ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠣᠮ ᠤᠩᠰᠢᠬᠤ ᠶᠢ ᠡᠷᠬᠢᠮᠯᠡᠨ᠂ ᠨᠣᠮ ᠤᠩᠰᠢᠬᠤ ᠶᠢ ᠰᠠᠨᠠᠭᠠᠴᠢᠯᠠᠵᠤ᠂ ︽ᠨᠣᠮ ᠤᠩᠰᠢᠬᠤ ᠲᠤᠷᠠᠳᠠᠢ᠂  ᠰᠠᠶᠢᠨ ᠨᠣᠮ ᠢ ᠤᠩᠰᠢᠬᠤ᠂ ᠨᠣᠮ ᠤᠩᠰᠢᠵᠤ ᠴᠢᠳᠠᠬᠤ︾ ᠰᠢᠨ᠎ᠡ ᠬᠡᠪ ᠰᠤᠷᠲᠠᠯ ᠢ ᠬᠦᠴᠦᠯᠡᠨ ᠪᠤᠢ ᠪᠣᠯᠭᠠᠵᠤ᠂ ᠥᠷᠭᠡᠨ ᠣᠯᠠᠨ ᠠᠷᠠᠳ ᠲᠦᠮᠡᠨ  ᠤ ᠡᠭᠦᠷᠢᠳᠡ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ   ᠶᠢ ᠬᠥᠲᠥᠯᠥᠨ ᠵᠢᠯᠣᠭᠤᠳᠴᠤ ᠪᠠᠶᠢᠨ᠎ᠠ᠃  ︵ᠰᠤᠷᠪᠤᠯᠵᠢᠯᠠᠭᠴᠢ᠄ ᠸᠠᠩ ᠯᠸᠢ  ᠳᠠᠳᠤᠯᠭ᠎ᠠ ᠶᠢᠨ ᠰᠣᠷᠣᠭᠴᠢ ᠺᠠᠩ ᠯᠢ ᠶᠢᠩ    ᠨᠠᠶᠢᠷᠠᠭᠤᠯᠤᠭᠴᠢ᠄ ᠵᠧᠤ ᠷᠦ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号