ᠠᠵᠤ ᠠᠬᠤᠶᠢᠯᠠᠯ ᠤᠳ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠬᠥᠭᠵᠢᠨ | ᠪᠤᠵᠠᠭᠠᠶᠢᠷᠬᠠᠤ ᠶᠢ ᠤᠯᠠᠮ ᠨᠢᠭᠡ ᠠᠯᠬᠤᠮ ᠠᠬᠢᠭᠤᠯᠵᠤ ᠨᠠᠩ ᠣᠯᠠᠨ ᠠᠵᠤ ᠠᠬᠤᠶᠢᠯᠠᠯ ᠤᠳ ᠤᠨ ᠵᠠᠬ᠎ᠠ | ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠶᠢ ᠳᠡᠮᠵᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠭᠦᠨᠵᠡᠭᠡᠶ ᠪᠠᠶᠢᠴᠠᠭᠠᠨ | ᠰᠤᠳᠤᠯᠤᠯᠲᠠ ᠬᠢᠬᠦ ᠪᠠ ᠣᠯᠠᠨ ᠤᠳᠠᠭ᠎ᠠ ᠶᠢᠨ ᠰᠠᠨᠠᠯ ᠬᠤᠷᠢᠶᠠᠬᠤ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠳᠤ ᠱᠠᠩᠨᠠᠯ ᠨᠥᠬᠦᠪᠦᠷᠢ ᠣᠯᠭᠤᠬᠤ | ᠵᠣᠷᠢᠭᠵᠢᠭᠤᠯᠤᠭ᠎ᠠ ᠶᠢᠨ ᠠᠷᠭ᠎ᠠ︾ ᠶᠢ ᠲᠤᠭᠤᠷᠪᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠳᠤ ᠮᠡᠳᠡᠭᠦᠯᠦᠨ ᠲᠠᠷᠤᠮᠠᠯᠯᠠᠨ ᠲᠠᠷᠬᠠᠭᠠᠪᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠲᠤᠭᠤᠷᠪᠢᠭᠰᠠᠨ ᠠᠬᠤᠢ ᠪᠠᠶᠢᠳᠠᠯ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠣᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠠᠴᠢᠶᠠᠯᠠᠪᠤᠷᠢ ᠮᠥᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ | ᠲᠤᠭ᠎ᠠ ᠪᠠ ᠶᠠᠰᠤ ᠴᠢᠨᠠᠷ ᠨᠢ ᠨᠢᠭᠡ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠵᠢᠴᠢ | ᠬᠥᠭᠵᠢᠯᠲᠡ ᠶᠢᠨ ᠳᠠᠯᠳᠠ ᠬᠦᠴᠦᠨ ᠢ ᠬᠡᠮᠵᠢᠬᠦ ᠴᠢᠬᠤᠯᠠ ᠪᠠᠷᠢᠮᠵᠢᠶ᠎ᠠ ᠶᠢᠨ ᠨᠢᠭᠡᠨ ᠪᠣᠯᠬᠤ ᠪᠥᠭᠡᠳ ᠨᠢᠭᠡ ᠭᠠᠵᠠᠷ | ᠣᠷᠣᠨ ᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠥᠯᠥᠭᠡᠯᠡᠵᠦ ᠪᠠᠶᠢᠳᠠᠭ᠃ ᠡᠨᠡ ᠵᠢᠯ ᠠᠴᠠ ᠨᠠᠭᠠᠰᠢ | ᠂ ᠮᠠᠨ ᠤ ᠣᠷᠣᠨ ᠨᠢᠭᠡᠨᠲᠡ 2 ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ᠂ 2 ᠠᠵᠤ | ᠠᠬᠤᠶᠢᠯᠠᠯ ᠢ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠬᠤ ᠬᠢᠨᠠᠨ ᠬᠠᠷᠭᠤᠭᠤᠯᠤᠯᠲᠠ ᠳᠤ ᠣᠷᠤᠭᠤᠯᠵᠤ᠂ 9 ᠠᠵᠤ ᠠᠬᠤᠶᠢᠯᠠᠯ ᠢ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠬᠤ ᠳᠤ ᠨᠢ ᠬᠠᠪᠰᠤᠷᠤᠨ ᠵᠢᠯᠤᠭᠤᠳᠴᠦ᠂ 28 ᠪᠡᠯᠡᠳᠬᠡᠯ ᠠᠵᠤ ᠠᠬᠤᠶᠢᠯᠠᠯ ᠢ ᠰᠲ᠋ᠣᠺ ᠤᠨ | ᠵᠠᠬ᠎ᠠ ᠳᠡᠯᠭᠡᠭᠦᠷ ᠲᠤ ᠭᠠᠷᠭᠠᠬᠤ ᠪᠠᠷ ᠪᠡᠯᠡᠳᠬᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠳ ᠢ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠱᠠᠲᠤ ᠳᠠᠷᠠᠭᠠᠯᠠᠨ ᠠᠬᠢᠭᠤᠯᠬᠤ ᠠᠵᠢᠯ ᠤᠨ ᠪᠠᠶᠢᠷᠢᠰᠢᠯ ᠢ | ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠨᠢ ᠤᠯᠠᠮ ᠢᠯᠡᠷᠬᠡᠢ ᠪᠣᠯᠵᠤ ᠪᠠᠶᠢᠨ᠎ᠠ᠃ ᠭᠡᠬᠦ ᠳᠡᠭᠡᠨ ᠥᠪᠡᠷᠲᠡᠭᠡᠨ ᠵᠠᠰᠠᠬᠤ ᠣᠷᠣᠨ ᠳᠤ ᠮᠥᠨ ᠯᠠ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠲᠤᠭ᠎ᠠ ᠴᠥᠭᠡᠨ᠂ ᠬᠡᠪᠴᠢᠶ᠎ᠡ ᠪᠠᠭ᠎ᠠ ᠪᠠᠶᠢᠬᠤ | ᠠᠰᠠᠭᠤᠳᠠᠯ ᠲᠤᠯᠭᠠᠷᠠᠭᠰᠠᠭᠠᠷ ᠪᠠᠶᠢᠨ᠎ᠠ᠂ ᠨᠠᠩ ᠣᠯᠠᠨ ᠠᠵᠤ ᠠᠬᠤᠶᠢᠯᠠᠯ ᠤᠳ ᠤᠨ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠬᠤ ᠢᠳᠡᠪᠬᠢᠵᠢᠯ ᠢ ᠨᠢ ᠳᠠᠶᠢᠴᠢᠯᠠᠨ᠂ ᠠᠵᠤ ᠠᠬᠤᠶᠢᠯᠠᠯ ᠤᠳ ᠤᠨ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠬᠤ ᠳᠠᠷᠤᠭᠠᠰᠤ ᠶᠢ ᠨᠢ ᠬᠥᠩᠭᠡᠷᠡᠭᠦᠯᠬᠦ ᠶᠢᠨ ᠲᠤᠯᠠᠳᠠ᠂ ᠤᠯᠤᠰ ᠤᠨ ᠳᠣᠲᠣᠭᠠᠳᠤ ᠶᠢᠨ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠲᠣᠯᠢ ᠪᠣᠯᠭᠠᠵᠤ᠂ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠤᠷᠮᠠᠰᠢᠭᠤᠯᠤᠯ ᠢ ᠤᠯᠠᠮ ᠨᠢᠭᠡ ᠠᠯᠬᠤᠮ ᠣᠯᠭᠤᠬᠤ ᠴᠢᠬᠤᠯᠠᠲᠠᠶ ᠪᠠᠶᠢᠨ᠎ᠠ᠃ | ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠦᠨᠵᠡᠭᠡᠶ ᠠᠭᠢᠯᠲᠡ ᠪᠠ ᠮᠠᠨ ᠤ | ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠳᠠᠭᠠᠯᠳᠤᠨ᠂ ᠥᠪᠡᠷᠲᠡᠭᠡᠨ | ᠵᠠᠰᠠᠬᠤ ᠣᠷᠣᠨ ᠤ ᠤᠷᠢᠳ ᠡᠮᠦᠨ᠎ᠡ ᠨᠡᠶᠢᠲᠡᠯᠡᠭᠰᠡᠨ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠬᠤ ᠳᠤ | ᠱᠠᠩᠨᠠᠵᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠶᠢᠨ ᠪᠤᠰᠤᠳᠴᠢ ᠪᠣᠳᠠᠲᠤ ᠪᠠᠶᠢᠳᠠᠯ ᠲᠠᠢ ᠨᠢᠭᠡᠨᠲᠡ ᠵᠣᠬᠢᠴᠠᠬᠤ ᠦᠭᠡᠶ ᠪᠣᠯᠤᠭᠰᠠᠨ ᠲᠤᠯᠠ᠂ | ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠬᠦ ᠳᠤ ᠱᠠᠩᠨᠠᠯ ᠨᠥᠬᠦᠪᠦᠷᠢ ᠣᠯᠭᠤᠬᠤ | ᠵᠣᠷᠢᠭᠵᠢᠭᠤᠯᠤᠭ᠎ᠠ ᠶᠢᠨ ᠠᠷᠭ᠎ᠠ︾ ᠶᠢ ᠰᠢᠨ᠎ᠡ ᠪᠠᠷ ᠲᠣᠭᠲᠠᠭᠠᠬᠤ ᠴᠢᠬᠤᠯᠠᠲᠠᠶ ᠪᠣᠯᠵᠠᠢ᠃ | ᠬᠤᠶᠠᠷ᠂ ᠱᠠᠩᠨᠠᠵᠤ ᠨᠥᠬᠦᠪᠦᠷᠢ ᠣᠯᠭᠤᠬᠤ ᠵᠠᠷᠴᠢᠮ | ᠨᠢᠭᠡ ᠳᠤ ᠥᠭᠡᠷᠡᠴᠢᠯᠡᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ | ᠣᠶᠢᠷ᠎ᠠ ᠶᠢᠨ ᠵᠢᠯ ᠤᠳ ᠲᠠᠬᠢ ᠬᠠᠮᠤᠭ ᠤᠨ ᠰᠢᠨ᠎ᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠮᠠᠨ ᠤ ᠣᠷᠣᠨ ᠤ | ᠪᠣᠳᠠᠲᠤ ᠪᠠᠶᠢᠳᠠᠯ ᠢ ᠦᠨᠳᠦᠰᠦᠯᠡᠨ᠂ ᠱᠠᠩᠨᠠᠵᠤ ᠨᠥᠬᠦᠪᠦᠷᠢ ᠣᠯᠭᠤᠬᠤ ᠠᠭᠤᠯᠭ᠎ᠠ ᠳᠤ ᠠᠵᠤ ᠠᠬᠤᠶᠢᠯᠠᠯ | ᠰᠲ᠋ᠣᠺ ᠢᠶᠠᠨ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠭᠠᠬᠤ᠂ ᠠᠵᠤ ᠠᠬᠤᠶᠢᠯᠠᠯ | ᠦᠨᠡᠲᠦ ᠲᠡᠮᠳᠡᠭᠲᠦ ᠶᠢᠨ ᠭᠤᠷᠪᠠᠳᠤᠭᠠᠷ ᠵᠠᠬ᠎ᠠ ᠳᠡᠯᠭᠡᠭᠦᠷ ᠤᠨ ᠨᠠᠷᠢᠯᠢᠭ ᠰᠣᠩᠭᠤᠯᠲᠠ ᠶᠢᠨ ᠲᠡᠰ ᠲᠤ ᠣᠷᠣᠬᠤ᠂ | ᠰᠲ᠋ᠣᠺ ᠢᠶᠠᠨ ᠦᠨᠡᠲᠦ ᠲᠡᠮᠳᠡᠭᠲᠦ ᠤᠨ ᠭᠤᠤᠯ ᠵᠠᠬ᠎ᠠ ᠳᠡᠯᠭᠡᠭᠦᠷ ᠲᠤ ᠰᠢᠯᠵᠢᠭᠦᠯᠬᠦ᠂ ᠰᠲ᠋ᠣᠺ ᠢᠶᠠᠨ ᠬᠢᠯᠢ ᠶᠢᠨ | ᠭᠠᠳᠠᠨᠠᠬᠢ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠬᠤᠶᠠᠷ ᠲᠤ ᠱᠠᠲᠤ ᠬᠤᠪᠢᠶᠠᠨ | ᠱᠠᠩᠨᠠᠵᠤ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠦᠨᠡᠲᠦ | ᠲᠡᠮᠳᠡᠭᠲᠦ ᠶᠢᠨ ᠭᠤᠤᠯ ᠵᠠᠬ᠎ᠠ ᠳᠡᠯᠭᠡᠭᠦᠷ ᠲᠤ ᠭᠠᠷᠤᠭᠰᠠᠨ ᠪᠠ ᠰᠲ᠋ᠣᠺ ᠢᠶᠠᠨ ᠦᠨᠡᠲᠦ ᠲᠡᠮᠳᠡᠭᠲᠦ ᠤᠨ ᠭᠤᠤᠯ ᠵᠠᠬ᠎ᠠ | ᠳᠡᠯᠭᠡᠭᠦᠷ ᠲᠤ ᠰᠢᠯᠵᠢᠭᠦᠯᠦᠭᠰᠡᠨ ᠪᠠᠶᠢᠪᠠᠯ᠂ ᠭᠦᠭᠵᠢᠯᠲᠡ ᠶᠢᠨ ᠬᠢᠨᠢ ᠠᠳᠠᠯᠢ ᠪᠤᠰᠤ ᠱᠠᠲᠤ ᠦᠶ᠎ᠡ ᠶᠢ ᠨᠢ | ᠦᠨᠳᠦᠰᠦᠯᠡᠨ ᠱᠠᠩᠨᠠᠨ ᠨᠥᠬᠦᠪᠦᠷᠢ ᠣᠯᠭᠤᠵᠤ᠂ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷ ᠲᠤ ᠭᠠᠷᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠦᠴᠦᠲᠡᠶ ᠳᠡᠭᠡᠭᠰᠢᠯᠡᠭᠦᠯᠦᠨ᠂ ᠠᠵᠤ ᠠᠬᠤᠶᠢᠯᠠᠯ ᠤᠳ ᠤᠨ ᠵᠠᠬ᠎ᠠ | ᠳᠡᠯᠭᠡᠭᠦᠷ ᠲᠤ ᠭᠠᠷᠬᠤ ᠠᠴᠠ ᠡᠮᠦᠨᠡᠬᠢ ᠥᠪᠡᠷ ᠤᠨ ᠥᠷᠲᠡᠭ ᠤᠨ ᠵᠠᠷᠤᠴᠠᠭᠤᠯᠭ᠎ᠠ ᠶᠢ ᠨᠥᠬᠦᠪᠥᠷᠢᠯᠡᠨ᠎ᠡ᠃ | ᠭᠤᠷᠪᠠ ᠳᠤ ᠣᠷᠣᠨ ᠤ ᠭᠠᠳᠠᠨᠠᠬᠢ ᠴᠢᠨᠠᠷ ᠰᠠᠶᠢᠲᠠᠶ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠳᠡᠮᠵᠢᠨ᠎ᠡ᠃ | ᠮᠠᠨ ᠤ ᠣᠷᠣᠨ ᠳᠤ ᠨᠡᠭᠦᠵᠦ ᠢᠷᠡᠭᠰᠡᠨ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠨᠦᠭᠦᠳ ᠲᠤ ᠱᠠᠩᠨᠠᠯ ᠨᠥᠬᠦᠪᠥᠷᠢ ᠥᠭᠴᠦ᠂ ᠣᠷᠣᠨ ᠤ ᠭᠠᠳᠠᠨᠠᠬᠢ ᠨᠠᠩ ᠣᠯᠠᠨ ᠰᠢᠯᠢᠳᠡᠭ ᠠᠵᠤ | ᠠᠬᠤᠶᠢᠯᠠᠯ ᠤᠳ ᠢ ᠤᠷᠢᠨ ᠮᠠᠨ ᠤ ᠣᠷᠣᠨ ᠳᠤ ᠨᠡᠭᠦᠯᠭᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠳᠥᠷᠪᠡ ᠳᠤ᠂ ᠥᠪᠥᠷ ᠮᠣᠩᠭᠤᠯ ᠤᠨ | ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠪᠣᠯᠪᠠᠰᠤᠷᠠᠭᠤᠯᠤᠨ ᠪᠡᠯᠡᠳᠬᠡᠭᠦᠯᠬᠦ ᠦᠶ᠋ᠯᠡᠳᠦᠯ ᠢᠶᠠᠨ | ᠪᠠᠳᠠᠷᠠᠭᠤᠯᠬᠤ ᠶᠢ ᠨᠢ ᠵᠣᠷᠢᠭᠵᠢᠭᠤᠯᠵᠤ᠂ ᠰᠲ᠋ᠣᠺ ᠤᠨ ᠠᠷᠠᠯᠵᠢᠶᠠᠨ ᠤ ᠲᠥᠪ ᠤᠨ ᠪᠣᠯᠪᠠᠰᠤᠷᠠᠭᠤᠯᠤᠨ | ᠪᠡᠯᠡᠳᠬᠡᠭᠦᠯᠦᠭᠰᠡᠨ ᠠᠵᠤ ᠠᠬᠤᠶᠢᠯᠠᠯ ᠤᠳ ᠤᠨ ᠪᠠᠶᠢᠳᠠᠯ ᠢ ᠦᠨᠳᠦᠰᠦᠯᠡᠨ᠂ ᠰᠲ᠋ᠣᠺ ᠤᠨ ᠠᠷᠠᠯᠵᠢᠶᠠᠨ ᠤ ᠲᠥᠪ ᠲᠤ | ᠵᠣᠬᠢᠬᠤ ᠬᠡᠮᠵᠢᠶᠡᠨ ᠤ ᠱᠠᠩᠨᠠᠯ ᠨᠥᠬᠦᠪᠦᠷᠢ ᠣᠯᠭᠤᠨ᠎ᠠ᠃ | ᠭᠤᠷᠪᠠ᠂ ᠭᠤᠤᠯ ᠠᠭᠤᠯᠭ᠎ᠠ | ᠨᠢᠭᠡ ᠳᠤ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠪᠠᠷ | ᠭᠤᠶᠤᠴᠢᠯᠠᠭᠰᠠᠨ ᠮᠠᠨ ᠣᠷᠣᠨ ᠤ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤ 1300 | ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢ ᠱᠠᠲᠤ ᠬᠤᠪᠢᠶᠠᠨ ᠣᠯᠭᠤᠨ᠎ᠠ᠃ | ᠬᠤᠶᠠᠷ ᠲᠤ ᠬᠢᠯᠢ ᠶᠢᠨ ᠭᠠᠳᠠᠨᠠᠬᠢ ᠦᠨᠡᠲᠦ ᠲᠡᠮᠳᠡᠭᠲᠦ ᠠᠷᠠᠯᠵᠢᠶᠠᠯᠠᠬᠤ ᠭᠤᠣᠯ ᠪᠣᠯᠬᠤ ᠭᠠᠵᠠᠷ ᠤᠳ ᠤᠨ | ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ 500 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠶᠢ ᠨᠢᠭᠡ ᠯᠠ ᠤᠳᠠᠭ᠎ᠠ ᠳᠤ ᠪᠦᠬᠦᠨ ᠢ ᠥᠭᠭᠦᠨ᠎ᠡ᠃ | ᠭᠤᠷᠪᠠ ᠳᠤ᠂ ᠦᠨᠡᠲᠦ ᠲᠡᠮᠳᠡᠭᠲᠦ ᠶᠢᠨ ᠭᠤᠷᠪᠠᠳᠤᠭᠠᠷ ᠵᠠᠬ᠎ᠠ ᠳᠡᠯᠭᠡᠭᠦᠷ ᠤᠨ ᠨᠠᠷᠢᠯᠢᠭ ᠰᠣᠩᠭᠤᠯᠲᠠ ᠶᠢᠨ | ᠲᠡᠰ ᠲᠤ ᠰᠣᠩᠭᠤᠭᠳᠠᠭᠰᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ 500 ᠲᠦᠮᠡᠨ ᠲᠥᠭᠦᠷᠢᠭ ᠤᠨ | ᠱᠠᠩᠨᠠᠯ ᠨᠥᠬᠦᠪᠥᠷᠢ ᠶᠢ ᠨᠢᠭᠡ ᠯᠠ ᠤᠳᠠᠭ᠎ᠠ ᠳᠤ ᠪᠦᠬᠦᠨ ᠢ ᠣᠯᠭᠤᠨ᠎ᠠ︔ ᠨᠠᠷᠢᠯᠢᠭ ᠰᠣᠩᠭᠤᠯᠲᠠ ᠶᠢᠨ ᠲᠡᠰ ᠤᠨ | ᠠᠵᠤ ᠠᠬᠤᠶᠢᠯᠠᠯ ᠱᠠᠩᠬᠠᠶ ᠱᠧᠨᠵᠧᠨ ᠤ ᠠᠷᠠᠯᠵᠢᠶᠠᠨ ᠤ ᠭᠠᠵᠠᠷ ᠤᠨ ᠦᠨᠡᠲᠦ ᠲᠡᠮᠳᠡᠭᠲᠦ ᠤᠨ ᠭᠤᠤᠯ ᠵᠠᠬ᠎ᠠ | ᠳᠡᠯᠭᠡᠭᠦᠷ ᠲᠤ ᠰᠢᠯᠵᠢᠭᠰᠡᠨ ᠪᠣᠯ ᠠᠵᠤ ᠠᠬᠤᠶᠢᠯᠠᠯ ᠳᠤ ᠳᠠᠬᠢᠨᠲᠠ 1000 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠶᠢ ᠨᠢᠭᠡ ᠯᠠ ᠤᠳᠠᠭ᠎ᠠ ᠳᠤ ᠪᠦᠬᠦᠨ ᠢ ᠣᠯᠭᠤᠨ᠎ᠠ᠃ | ᠳᠥᠷᠪᠡ ᠳᠤ ᠳᠠᠩᠰᠠᠯᠠᠭᠤᠯᠤᠭᠰᠠᠨ ᠭᠠᠵᠠᠷ ᠢᠶᠠᠨ ᠮᠠᠨ ᠤ ᠣᠷᠣᠨ ᠳᠤ ᠨᠡᠭᠦᠯᠭᠡᠨ ᠣᠷᠣᠭᠤᠯᠤᠭᠰᠠᠨ ᠣᠷᠣᠨ ᠤ | ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠥᠪᠡᠷᠲᠡᠭᠡᠨ ᠵᠠᠰᠠᠬᠤ ᠣᠷᠣᠨ 1000 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ᠃ | ᠲᠠᠪᠤ ᠳᠤ᠂ ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ | ᠪᠣᠯᠪᠠᠰᠤᠷᠠᠨ ᠪᠡᠯᠡᠳᠬᠡᠭᠰᠡᠨ ᠮᠥᠷᠲᠡᠭᠡᠨ ︽ᠲᠢᠶᠠᠨ ᠵᠢᠶᠦ᠋ᠨ ᠪᠠᠨ︾ ᠳᠤ ᠣᠷᠤᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠨᠢ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠡᠷᠦᠬᠡ ᠪᠦᠷᠢ ᠳᠤ 30 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ︽ᠲᠢᠶᠠᠨ ᠵᠢᠶᠦ᠋ᠨ ᠪᠠᠨ︾ ᠠᠵᠤ ᠠᠬᠤᠶᠢᠯᠠᠯ ᠨᠢ ᠥᠪᠥᠷ | ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠪᠣᠯᠪᠠᠰᠤᠷᠠᠨ ᠪᠡᠯᠡᠳᠬᠡᠭᠰᠡᠨ ᠪᠥᠭᠡᠳ ᠥᠪᠥᠷ | ᠮᠣᠩᠭᠤᠯ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠵᠢᠯᠣᠭᠤᠳᠤᠭᠤᠯᠤᠨ | ᠪᠦᠷᠢᠳᠬᠡᠨ ᠲᠠᠩᠰᠠᠯᠠᠭᠤᠯᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠰᠲ᠋ᠣᠺ ᠤᠨ ᠡᠷᠬᠡ ᠶᠢᠨ ᠠᠷᠠᠯᠵᠢᠶᠠᠨ ᠤ | ᠲᠥᠪ ᠲᠤ ᠡᠷᠦᠬᠡ ᠪᠦᠷᠢ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ |