ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠨᠳᠡᠯᠡᠨ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/3
    8 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠨᠳᠡᠯᠡᠨ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠠᠩᠬᠠᠳᠤᠭᠠᠷ ᠬᠤᠷᠠᠯ ᠬᠤᠷᠠᠯᠳᠤᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ  ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠡᠷᠬᠢᠯᠡᠭᠴᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃        ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠦᠩ ᠱᠧᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠮᠠ ᠹᠦ᠋ ᠬᠤᠷᠠᠯ ᠳᠤ ᠣᠷᠣᠯᠴᠠᠵᠠᠢ᠃
      ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠬᠤᠷᠢᠳᠤᠭᠠᠷ᠂ ᠬᠤᠷᠢᠨ ᠨᠢᠭᠡᠳᠦᠭᠡᠷ ᠤᠳᠠᠭᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠳᠥᠷᠪᠡᠳᠦᠭᠡᠷ᠂ ᠠᠷᠪᠠᠨ ᠲᠠᠪᠤᠳᠤᠭᠠᠷ ᠤᠳᠠᠭᠠᠨ ᠤ  ᠬᠤᠷᠠᠯ ᠪᠠ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ ᠬᠤᠷᠢᠶᠡᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ   ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠨᠳᠡᠯᠡᠨ ᠲᠣᠭᠤᠷᠢᠭ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠲᠤᠰᠬᠠᠢ ᠳᠤᠭᠤᠶᠢᠯᠠᠩ ᠤᠨ ᠪᠦᠷᠢᠯᠳᠦᠬᠦᠨ ᠤ ᠰᠠᠨᠠᠭᠤᠯᠭ᠎ᠠ ᠶᠢᠨ ᠨᠡᠷᠡᠰ︾᠂ ︽ᠬᠥᠨᠳᠡᠯᠡᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠬᠦ ᠵᠢᠴᠢ ᠬᠢᠨᠠᠨ ᠪᠠᠶᠢᠴᠠᠭᠠᠵᠤ ᠪᠠᠶᠢᠴᠠᠭᠠᠯᠲᠠ ᠬᠢᠬᠦ ᠠᠵᠢᠯ ᠤᠨ ᠠᠷᠭ᠎ᠠ︾᠂ ︽ᠬᠥᠨᠳᠡᠯᠡᠨ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠂ 2021 ᠣᠨ ᠤ ᠳᠡᠭᠡᠷ᠎ᠡ ᠬᠠᠭᠠᠰ ᠵᠢᠯ ᠤᠨ ᠪᠥᠬᠦ ᠲᠤᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ       ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠢ ᠨᠠᠮ ᠤᠨ ᠲᠥᠪ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠡᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠦ᠂ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠭᠠᠷᠳᠠᠬᠤ ᠴᠡᠭ ᠢ ᠣᠨᠣᠪᠴᠢᠲᠠᠢ ᠡᠷᠢᠨ ᠣᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠬᠡ ᠨᠢᠬᠡ ᠵᠦᠢᠯ ᠢᠶᠠᠷ ᠱᠠᠯᠠᠪᠳᠠᠨ ᠲᠥᠯᠥᠪᠵᠢᠭᠦᠯᠦᠨ ᠠᠬᠢᠭᠤᠯᠵᠤ᠂ ᠨᠡᠩ ᠤᠯᠠᠨ ᠪᠣᠳᠠᠲᠤ ᠴᠢᠨᠠᠷᠳᠠᠢ ᠂ ᠰᠢᠪᠲᠤᠯᠤᠯᠲᠠ ᠶᠢᠨ ᠴᠢᠨᠠᠷᠳᠠᠢ᠂ ᠰᠢᠰᠲ᠋ᠧᠮᠲᠦ ᠴᠢᠨᠠᠷᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ᠂ ᠬᠤᠲᠠ ᠶᠢᠨ ᠣᠷᠴᠢᠨ ᠲᠣᠭᠤᠷᠢᠨ ᠢ ᠡᠬᠦᠳᠬᠦ ᠲᠡᠭᠡᠷ᠎ᠡ ᠦᠷᠬᠦᠯᠵᠢᠯᠠᠨ ᠬᠦᠴᠦᠯᠡᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠢ ᠬᠡᠵᠤ ᠵᠢᠭᠠᠵᠤ ᠭᠠᠷᠭᠠᠵᠠᠢ᠃       ᠬᠤᠷᠠᠯ ᠠᠴᠠ᠂ ᠡᠯ᠎ᠡ ᠲᠤᠰᠬᠠᠶ ᠳᠤᠭᠤᠶᠢᠯᠠᠩ ᠵᠢᠴᠢ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠪᠣᠯᠤᠨ ᠪᠦᠷᠢᠯᠳᠦᠬᠦᠨ ᠨᠡᠷ ᠥᠭᠡᠷᠡᠴᠢᠯᠡᠯᠲᠡ ᠶᠢᠨ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠣᠨ ᠤ ᠥᠭᠡᠷᠡᠴᠢᠯᠡᠯᠲᠡ ᠶᠢᠨ ᠡᠭᠦᠷᠭᠡ ᠶᠢ ᠴᠠᠭ ᠤᠨ ᠬᠤᠪᠢᠶᠠᠷᠢᠯᠠᠯ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠴᠢᠨᠠᠷ ᠰᠠᠶᠢᠲᠠᠶ ᠪᠠᠷ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠰᠦᠪᠡᠭᠴᠢ ᠶᠢ ᠰᠢᠢᠳᠪᠦᠷᠢᠯᠡᠬᠦ ᠠᠵᠢᠯ ᠢ  ᠦᠨᠡᠨᠬᠦ ᠪᠣᠳᠠᠲᠠᠢ ᠨᠠᠷᠢᠯᠢᠭ ᠬᠢᠵᠦ᠂ ᠠᠰᠠᠭᠤᠳᠠᠯ ᠤᠨ ᠰᠦᠪᠡᠭᠴᠢ ᠶᠢ ᠬᠠᠮᠢᠶᠠᠷᠬᠤ ᠪᠠ ᠰᠢᠢᠳᠪᠦᠷᠢᠯᠡᠬᠦ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ᠂ ᠪᠦᠬᠦ ᠶᠠᠪᠤᠴᠠ ᠶᠢ ᠵᠢᠷᠤᠮᠵᠢᠭᠤᠯᠬᠤ᠂ ᠪᠦᠬᠦ ᠶᠠᠪᠤᠴᠠ ᠳᠤ ᠦᠨᠳᠦᠰᠦᠯᠡᠯ ᠦᠯᠡᠳᠡᠭᠡᠬᠦ ᠶᠢ ᠦᠨᠡᠨ ᠬᠦ ᠪᠠᠲᠤᠯᠠᠵᠤ᠂ ᠠᠰᠠᠭᠤᠳᠠᠯ ᠤᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠢ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠵᠢᠯ ᠢ ᠰᠠᠶᠢᠲᠤᠷ ᠠᠳᠬᠤᠵᠤ᠂ ︽ᠲᠥᠰᠦᠯ︾ ᠤᠨ ᠲᠣᠭᠤᠷᠢᠨ ᠳᠤ ᠬᠠᠷᠢᠭᠤᠴᠠᠯᠭ᠎ᠠ  ᠪᠠ ᠠᠵᠢᠯ ᠤᠨ ᠬᠤᠪᠢᠶᠠᠷᠢᠯᠠᠯ ᠢᠶᠠᠨ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠬᠠᠷᠠᠯᠲᠠ ᠡᠭᠦᠷᠭᠡ ᠪᠠᠨ ᠴᠠᠭ ᠲᠤᠬᠠᠶ ᠳᠤᠨᠢ ᠶᠠᠰᠤ ᠴᠢᠨᠠᠷ ᠲᠠᠢ ᠲᠤᠭ᠎ᠠ ᠶᠣᠰᠣᠭᠠᠷ ᠨᠢ ᠪᠡᠶᠡᠯᠡᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠥᠭᠡᠷᠡᠴᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠪᠠᠶᠢᠩᠭᠤᠵᠢᠬᠰᠠᠨ ᠲᠤᠬᠢᠷᠠᠭᠤᠯᠤᠯᠳᠠ ᠪᠠᠨ ᠴᠢᠩᠭᠠᠳᠬᠠᠵᠤ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠡᠶ᠎ᠡ ᠪᠠᠷ ᠢᠶᠠᠨ ᠰᠦᠪᠡᠭᠴᠢᠯᠡᠬᠦ᠂ ᠪᠡᠶ᠎ᠡ ᠪᠠᠷ ᠢᠶᠠᠨ ᠠᠬᠢᠭᠤᠯᠬᠤ᠂ ᠪᠡᠶ᠎ᠡ ᠪᠠᠷ ᠢᠶᠠᠨ ᠱᠠᠯᠠᠪᠳᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠨᠡᠬᠦᠷᠡᠰᠦᠳᠦ᠋ᠷᠦᠭᠴᠢ ᠪᠠᠭ᠎ᠠ ᠬᠤᠲᠠ ᠶᠢ ᠪᠥᠲᠥᠭᠡᠨ ᠪᠠᠶᠢᠭᠤᠯᠬᠤ᠂ ᠨᠠᠮ ᠤᠨ ᠪᠠᠶᠢᠭᠤᠯᠤᠯᠲᠠ ᠪᠠᠷ ᠭᠠᠴᠠᠭ᠎ᠠ ᠲᠣᠰᠬᠤᠨ ᠤ ᠲᠤᠤᠷᠵᠢᠭᠤᠯᠤᠯᠳᠠ ᠶᠢᠨ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠬᠦᠳᠴᠦ᠂ ᠨᠢᠭᠡ ᠪᠦᠯᠦᠭ ᠨᠡᠷ᠎ᠡ ᠨᠦᠯᠦᠬᠡ ᠲᠠᠢ᠂ ᠲᠣᠭᠲᠠᠵᠤ ᠳᠡᠶᠢᠯᠬᠦ᠂ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠪᠣᠯᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠬᠤᠷᠢᠶᠠᠨ ᠤ ᠠᠯᠪᠠᠨ ᠭᠡᠷ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠡᠬᠡ ᠳᠠᠩᠰᠠ ᠶᠢ ᠪᠠᠶᠢᠭᠤᠯᠤᠨ᠂ ᠥᠭᠡᠷᠡᠴᠢᠯᠡᠯᠲᠡ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠷᠢᠯᠴᠠᠨ ᠬᠠᠮᠵᠢᠯᠴᠠᠬᠤ᠂ ᠬᠠᠷᠢᠯᠴᠠᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠵᠠᠢ᠃      ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃  ︵ᠰᠤᠷᠪᠤᠯᠵᠢᠯᠠᠭᠴᠢ᠄ ᠯᠸᠢ ᠶᠤᠸᠠᠨ ᠶᠤᠸᠠᠨ᠂  ᠼᠠᠢ ᠱᠢ ᠬᠤᠢ    ᠬᠢᠨᠠᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ    ᠨᠠᠶᠢᠷᠠᠭᠤᠯᠤᠭᠴᠢ᠄ ᠶᠠᠩ ᠵᠢᠶᠤᠤ︶
 
ᠢᠷᠡᠯᠲᠡ᠄ ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号