ᠨᠢᠭᠡ᠂ ᠶᠠᠭᠤᠨ ᠳᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠨᠠᠶᠢᠷᠠᠭᠤᠯᠤᠨ ᠵᠣᠬᠢᠶᠠᠬᠤ ᠶᠢᠨ | ᠠᠴᠢ ᠬᠤᠯᠪᠣᠭᠳᠠᠯ︖ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ︾ ᠪᠣᠯᠣᠨ ᠤᠯᠤᠰ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠠᠬᠢᠭᠤᠯᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ | ᠰᠤᠳᠤᠯᠤᠨ ᠲᠣᠭᠲᠠᠭᠠᠪᠠ᠃ ︽ᠲᠥᠯᠥᠪᠵᠢᠭᠦᠯᠭᠡ︾ ᠳᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠦᠨᠳᠦᠰᠦᠨ ᠣᠨᠣᠯᠵᠢᠬᠤᠨ ᠪᠠ ᠲᠡᠮᠡᠴᠡᠬᠦ ᠬᠠᠷᠠᠯᠲᠠ ᠶᠢ ᠳᠤᠷᠠᠳᠴᠤ᠂ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠭᠤᠤᠯ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠢᠶᠠᠷ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ ᠣᠷᠣᠨ ᠤ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠦᠨᠳᠦᠰᠦᠯᠡᠯ ᠪᠠ ᠠᠵᠢᠯᠯᠠᠭᠠᠨ ᠤ | ᠵᠦᠭᠯᠡᠭᠦᠷ ᠪᠣᠯᠤᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠣᠯ ᠤᠳᠤ ᠦᠶ᠎ᠡ ᠶᠢᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠮᠵᠢᠶ᠎ᠡ ᠶᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠃ | ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠪᠣᠯ ᠠᠵᠤ ᠦᠢᠯᠡᠰ ᠤᠨ ᠬᠤᠪᠢᠰᠤᠯᠲᠠ ᠶᠢᠨ ᠵᠢᠮ᠎ᠡ | ᠶᠣᠰᠣᠨ ᠳᠤ ᠨᠡᠶᠢᠴᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠪᠣᠳᠠᠲᠤ | ᠰᠣᠩᠭᠤᠯᠲᠠ ᠮᠥᠨ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠮᠥᠷᠲᠡᠭᠡᠨ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠵᠤ᠂ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭ᠎ᠠ ᠪᠣᠯ ᠥᠪᠥᠷ ᠮᠣᠩᠭᠤᠯ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ | ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠮᠥᠨ ᠴᠦ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠡᠦᠬᠡ ᠶᠢᠨ ᠲᠣᠬᠢᠶᠠᠯᠳᠤ ᠬᠤᠭᠤᠴᠠᠭ᠎ᠠ | ᠪᠠ ᠪᠠᠶᠢᠯᠳᠤᠬᠤ ᠪᠤᠳᠤᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠪᠣᠯᠤᠨ᠎ᠠ᠃ ᠦᠢᠯᠡᠴᠢᠯᠡᠭᠡᠨ ᠤ ᠦᠢᠯᠡᠰ ᠤᠨ | ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠠᠵᠤ | ᠠᠬᠤᠶ ᠶᠢᠨ ᠬᠥᠭᠵᠢᠯᠲᠡ ᠶᠢᠨ ᠴᠢᠳᠠᠪᠤᠷᠢ ᠶᠢᠨ ᠲᠠᠰ ᠤᠨ ᠬᠢᠷᠢ ᠲᠦᠪᠰᠢᠨ ᠢ ᠳᠡᠭᠡᠭᠰᠢᠯᠡᠭᠦᠯᠬᠦ ᠨᠢ ᠮᠠᠨ ᠤ ᠣᠷᠣᠨ ᠤ | ᠰᠠᠭᠤᠷᠢ ᠪᠠᠨ ᠪᠠᠬᠢᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠳᠠᠯ ᠢᠶᠠᠨ ᠨᠥᠬᠦᠪᠦᠷᠢᠯᠡᠵᠦ᠂ | ᠪᠠᠭᠤᠷᠠᠶ ᠪᠠᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠶᠠᠷ᠂ ᠲᠥᠯᠥᠪᠵᠢᠭᠦᠯᠭᠡ ᠵᠣᠬᠢᠶᠠᠬᠤ ᠶᠠᠪᠤᠴᠠ ᠨᠢ ᠶᠠᠮᠠᠷ ᠪᠠᠶᠢᠳᠠᠭ ᠪᠤᠢ︖ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠳᠠᠭᠠᠭᠤᠯᠬᠤ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ | ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠤ᠂ 2020 ᠣᠨ ᠤ ᠳᠡᠭᠡᠷ᠎ᠡ ᠬᠠᠭᠠᠰ | ᠵᠢᠯ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ | ᠵᠣᠬᠢᠶᠠᠬᠤ ᠠᠵᠢᠯ ᠢ ᠡᠬᠢᠯᠡᠭᠦᠯᠪᠡ᠃ ︽ᠲᠥᠯᠥᠪᠵᠢᠭᠦᠯᠭᠡ︾ ᠶᠢᠨ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ᠂ ᠡᠯ᠎ᠡ | ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ | ᠡᠷᠬᠢᠯᠡᠭᠴᠢ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠳᠤ ᠣᠯᠠᠨ ᠤᠳᠠᠭ᠎ᠠ ᠲᠥᠪᠯᠡᠷᠡᠭᠦᠯᠦᠨ ᠶᠠᠷᠢᠯᠴᠠᠨ | ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠥᠲᠥᠯᠪᠦᠷᠢ ᠯᠦᠭᠡ ᠭᠦᠢᠴᠡᠳ ᠵᠣᠯᠭᠠᠭᠤᠯᠤᠭᠰᠠᠨ ᠰᠠᠭᠤᠷᠢᠨ ᠳᠤ᠂ ᠲᠥᠯᠥᠪᠵᠢᠭᠦᠯᠭᠡ | ᠨᠠᠶᠢᠷᠠᠭᠤᠯᠤᠨ ᠵᠣᠬᠢᠶᠠᠬᠤ ᠳᠤᠭᠤᠶᠢᠯᠠᠩ ᠤᠨ ᠡᠬᠡ ᠨᠣᠣᠷᠠᠭ ᠢ ᠳᠠᠬᠢᠨ ᠳᠠᠪᠲᠠᠨ ᠵᠠᠰᠠᠨ ᠲᠡᠭᠦᠯᠳᠡᠷᠵᠢᠭᠦᠯᠵᠦ᠂ ︽ | ᠲᠥᠯᠥᠪᠵᠢᠭᠦᠯᠭᠡ︾ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ | ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠬᠦ ᠶᠢ ᠦᠨᠡᠨ ᠬᠦ ᠪᠠᠲᠤᠯᠠᠪᠠ᠃ ᠲᠤᠰᠬᠠᠶ | ᠮᠡᠷᠭᠡᠵᠢᠯᠲᠡᠨ ᠤ ᠬᠢᠨᠠᠨ ᠲᠣᠭᠲᠠᠭᠠᠯᠲᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠳᠤ ︽ᠲᠥᠯᠥᠪᠵᠢᠭᠦᠯᠭᠡ︾ ᠶᠢᠨ ᠬᠢᠨᠠᠭᠤᠯᠬᠤ ᠨᠣᠤᠷᠠᠭ ᠢ ᠮᠡᠳᠡᠭᠦᠯᠦᠨ ᠬᠦᠷᠭᠡᠪᠡ᠃ 2021 | ᠣᠨ ᠤ 7 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ︽ᠲᠥᠯᠥᠪᠵᠢᠭᠦᠯᠭᠡ︾ ᠶᠢ ᠬᠢᠨᠠᠨ ᠵᠥᠪᠯᠡᠵᠦ ᠪᠠᠲᠤᠯᠠᠪᠠ᠃ | ᠭᠤᠷᠪᠠ᠂ ᠲᠥᠯᠥᠪᠵᠢᠭᠦᠯᠭᠡ ᠶᠢᠨ ᠭᠤᠣᠯ ᠠᠭᠤᠯᠭ᠎ᠠ ᠨᠢ ᠶᠠᠭᠤ ᠶᠠᠭᠤ ᠪᠤᠢ︖ | ︵ᠨᠢᠭᠡ︶ ᠶᠡᠷᠦᠩᠬᠡᠶ ᠱᠠᠭᠠᠷᠳᠠᠯᠭ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠠᠷᠠᠳ ᠤᠨ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ︽ | ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠶ ᠵᠠᠮᠨᠠᠵᠤ᠂ ᠳᠦᠷᠢᠮ ᠤᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠡᠭᠦᠳᠦᠯᠲᠡ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠶᠡᠭᠡ | ᠢᠨᠵᠧᠨᠧᠷᠢᠩ︾ ᠢ ᠢᠳᠡᠪᠬᠢᠲᠡᠶ ᠯᠠᠪᠳᠠᠭᠤᠨ ᠢᠶᠠᠷ ᠬᠡᠷᠡᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠦᠵᠦᠭᠦᠷᠯᠡᠬᠦ ᠪᠠ ᠲᠤᠰᠬᠠᠶᠢᠵᠢᠭᠤᠯᠬᠤ ᠲᠡᠶᠢᠰᠢ ᠥᠷᠭᠡᠳᠬᠡᠬᠦ᠂ ᠠᠮᠢᠳᠤᠷᠠᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢ ᠴᠢᠨᠠᠷᠵᠢᠭᠤᠯᠬᠤ ᠪᠠ ᠨᠠᠷᠢᠯᠢᠬᠵᠢᠭᠤᠯᠬᠤ ᠲᠡᠶᠢᠰᠢ ᠳᠡᠭᠡᠭᠰᠢᠯᠡᠭᠦᠯᠬᠦ᠂ ᠰᠢᠨ᠎ᠡ | ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠣᠯᠠᠨ ᠡᠰᠢᠵᠢᠭᠦᠯᠵᠦ ᠵᠢᠷᠤᠮᠵᠢᠭᠤᠯᠤᠨ ᠬᠥᠭᠵᠢᠭᠦᠯᠬᠦ ᠶᠢ ᠲᠦᠷᠭᠡᠳᠬᠡᠨ | ᠠᠬᠢᠭᠤᠯᠵᠤ᠂ ᠣᠨᠴᠠᠯᠢᠭ ᠲᠣᠳᠣ᠂ ᠴᠢᠨᠠᠷ ᠰᠠᠶᠢᠨ ᠪᠦᠲᠦᠮᠵᠢ ᠥᠨᠳᠥᠷ᠂ ᠪᠦᠲᠦᠴᠡ ᠨᠢ ᠰᠢᠯᠢᠳᠡᠭᠵᠢᠭᠰᠡᠨ᠂ | ᠥᠷᠢᠰᠦᠯᠳᠦᠬᠦ ᠬᠦᠴᠦᠨ ᠢᠶᠠᠷ ᠴᠢᠩᠭ᠎ᠠ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠰᠢᠨ᠎ᠡ | ᠲᠣᠭᠲᠠᠯᠴᠠᠭ᠎ᠠ ᠶᠢ ᠪᠠᠶᠢᠭᠤᠯᠵᠤ᠂ ᠮᠠᠨ ᠤ ᠣᠷᠣᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠦᠴᠦᠨ ᠨᠡᠮᠡᠷᠢᠯᠡᠨ᠎ᠡ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠳᠡᠭ ᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠦᠨ᠎ᠡ᠃ | 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠳᠤ ᠰᠢᠪᠲᠤᠯᠤᠯᠲᠠ ᠶᠢᠨ ᠴᠢᠨᠠᠷᠲᠠᠶ ᠠᠬᠢᠴᠠ ᠣᠯᠵᠤ᠂ | ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠲᠥᠪᠯᠡᠷᠡᠭᠦᠯᠦᠨ ᠡᠷᠴᠢᠮᠵᠢᠭᠦᠯᠬᠦ᠂ ᠲᠥᠷᠥᠯ ᠳᠡᠮᠳᠡᠭᠵᠢᠭᠦᠯᠬᠦ᠂ | ᠰᠦᠯᠵᠢᠶᠡᠵᠢᠭᠦᠯᠬᠦ ᠪᠠ ᠤᠶᠤᠨᠴᠢᠯᠠᠬᠤ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠬᠥᠭᠵᠢᠯᠲᠡ ᠶᠢᠨ | ᠣᠷᠴᠢᠨ ᠨᠥᠬᠦᠴᠡᠯ ᠢ ᠨᠡᠩ ᠴᠢᠯᠦᠭᠡᠲᠡᠢ ᠪᠠᠭᠲᠠᠭᠠᠮᠵᠢᠲᠠᠶ ᠪᠠᠶᠢᠯᠭᠠᠬᠤ᠂ ᠰᠢᠨ᠎ᠡ ᠶᠢ ᠡᠭᠦᠳᠬᠦ ᠶᠢ ᠤᠯᠠᠨ | ᠡᠰᠢᠵᠢᠬᠦᠯᠵᠦ᠂ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ | ᠲᠠᠪᠰᠢᠯᠳᠠ ᠶᠢ ᠲᠤᠯᠭᠠᠭᠤᠷᠢᠯᠠᠬᠤ ᠴᠢᠳᠠᠮᠵᠢ ᠶᠢ ᠤᠯᠠᠮ ᠴᠢᠩᠭᠠᠷᠠᠭᠤᠯᠵᠤ᠂ ᠠᠵᠢᠯᠯᠠᠭᠠᠨ ᠨᠢ ᠥᠨᠳᠥᠷ ᠪᠦᠲᠦᠮᠵᠢ᠂ | ᠦᠢᠯᠡᠴᠢᠯᠡᠭᠡ ᠨᠢ ᠥᠷᠭᠡᠨ ᠳᠡᠯᠭᠡᠷ᠂ ᠬᠢᠨᠠᠯᠲᠠ ᠬᠠᠮᠢᠶᠠᠷᠤᠯᠲᠠ ᠨᠢ ᠡᠮᠬᠢ ᠵᠢᠷᠤᠮ ᠲᠠᠢ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠨ ᠳᠤ ᠨᠢ ᠪᠤᠢ ᠪᠣᠯᠭᠠᠨ᠎ᠠ᠃ | ︵ᠬᠤᠶᠠᠷ︶ ᠬᠥᠭᠵᠢᠯᠲᠡ ᠶᠢᠨ ᠴᠢᠭᠯᠡᠯ ᠬᠢᠭᠡᠳ ᠭᠤᠣᠯᠳᠠᠯᠭ᠎ᠠ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠰᠠᠭᠤᠭᠠᠯᠢ | ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶᠡᠨ ᠤ ᠳᠡᠭᠡᠳᠦ ᠦᠵᠦᠭᠦᠷ | ᠲᠡᠶᠢᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠪᠠ ᠣᠯᠠᠨ | ᠶᠠᠩᠵᠤᠯᠠᠬᠤ ᠲᠡᠶᠢᠰᠢ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ | ᠵᠠᠭᠪᠤᠷ ᠢ ᠣᠯᠠᠨ ᠡᠰᠢᠵᠢᠭᠦᠯᠦᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠲᠠᠯ᠎ᠠ ᠪᠠᠷ᠂ ᠦᠢᠯᠡᠴᠢᠯᠡᠭᠡ ᠪᠠᠷ ︽ᠬᠤᠶᠠᠷ ᠬᠠᠯᠬᠠᠪᠴᠢ︾ | ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠲᠤᠯᠭᠠᠭᠤᠷᠢᠯᠠᠬᠤ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠤᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠵᠠᠬ᠎ᠠ ᠳᠡᠯᠭᠡᠭᠦᠷᠴᠢᠯᠡᠬᠦ᠂ | ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠶᠡᠭᠡ ᠪᠠᠷ | ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠦᠷ᠎ᠡ ᠪᠦᠲᠦᠮᠵᠢ ᠪᠠ | ᠲᠤᠰᠬᠠᠶᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠣᠲᠣ ᠦᠶ᠎ᠡ ᠶᠢᠨ ᠮᠥᠩᠭᠦᠨ ᠭᠦᠢᠯᠭᠡᠭᠡ᠂ ᠣᠲᠣ | ᠦᠶ᠎ᠡ ᠶᠢᠨ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ | ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠬᠤᠷᠠᠯ | ᠦᠵᠡᠰᠬᠦᠯᠡᠩ ᠤᠨ ᠦᠢᠯᠡᠴᠢᠯᠡᠭᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ 8 ᠶᠡᠭᠡ ᠠᠵᠤ | ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ | ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠴᠢᠨᠠᠷᠵᠢᠭᠰᠠᠨ᠂ ᠥᠪᠡᠷᠮᠢᠴᠡᠵᠢᠭᠰᠡᠨ | ᠬᠡᠷᠡᠭᠯᠡᠭᠡᠨ ᠤ ᠬᠡᠷᠡᠭᠴᠡᠭᠡ ᠳᠤ ᠵᠣᠬᠢᠴᠠᠭᠤᠯᠤᠨ᠂ ᠤᠯᠠᠮᠵᠢᠯᠠᠯᠲᠤ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠢᠳᠡᠪᠬᠢᠲᠡᠶ ᠪᠠᠷ ᠥᠭᠡᠷᠡᠴᠢᠯᠡᠨ ᠳᠡᠭᠡᠭᠰᠢᠯᠡᠭᠦᠯᠵᠦ᠂ ᠪᠦᠲᠦᠮᠵᠢᠲᠡᠶ ᠬᠠᠩᠭᠠᠯᠭ᠎ᠠ ᠶᠢ ᠬᠦᠴᠦᠯᠡᠨ | ᠨᠡᠮᠡᠭᠳᠡᠭᠦᠯᠵᠦ᠂ ᠬᠠᠩᠭᠠᠯᠭ᠎ᠠ ᠶᠢᠨ ᠶᠠᠰᠤ ᠴᠢᠨᠠᠷ ᠢ ᠰᠢᠯᠢᠳᠡᠭᠵᠢᠭᠦᠯᠦᠨ᠂ ᠰᠣᠶᠣᠯ ᠵᠢᠭᠤᠯᠴᠢᠯᠠᠯ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠡᠷᠡᠭᠦᠯᠵᠢᠯ ᠨᠠᠰᠤᠵᠢᠯ ᠤᠨ ᠠᠰᠠᠷᠠᠮᠵᠢ᠂ ᠪᠡᠶ᠎ᠡ ᠶᠢᠨ ᠲᠠᠮᠢᠷ᠂ ᠭᠡᠷ ᠭᠠᠵᠠᠷ ᠬᠦᠷᠦᠩᠭᠡ | ᠵᠡᠷᠭᠡ 5 ᠶᠡᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠵᠤ᠂ | ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠲᠠᠯ᠎ᠠ ᠪᠠᠷ᠂ ᠮᠡᠷᠭᠡᠵᠢᠯ ᠤᠨ ᠰᠢᠨ᠎ᠡ ᠶᠢ ᠡᠭᠦᠳᠬᠦ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ | ᠬᠡᠷᠡᠭᠯᠡᠭᠡᠨ ᠤ ᠬᠦᠷᠢᠶᠡᠨ ᠳᠠᠬᠢ ᠨᠡᠪᠴᠢᠯᠲᠡ ᠶᠢ ᠲᠦᠷᠭᠡᠳᠬᠡᠬᠦ ᠶᠢ ᠳᠡᠮᠵᠢᠨ ᠵᠣᠷᠢᠭᠵᠢᠭᠤᠯᠵᠤ᠂ ᠦᠢᠯᠡᠴᠢᠯᠡᠭᠡᠨ ᠤ | ᠦᠢᠯᠡᠰ ᠤᠨ ᠣᠯᠠᠨ ᠴᠢᠭᠯᠡᠯ ᠢᠶᠠᠷ ᠬᠦᠷᠢᠶ᠎ᠡ ᠠᠯᠤᠰᠯᠠᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂ | ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠶᠢ ᠠᠬᠢᠭᠤᠯᠵᠤ | ᠂ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ | ᠲᠡᠶᠢᠰᠢ ᠳᠡᠭᠡᠭᠰᠢᠯᠡᠬᠦ ᠶᠢ ᠪᠡᠶᠡᠯᠡᠭᠦᠯᠦᠨ᠎ᠡ᠃ ᠡᠭᠦᠨ ᠳᠤ ᠲᠠᠪᠴᠠᠩ ᠤᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ᠂ ᠬᠠᠮᠲᠤ ᠪᠠᠷ ᠬᠦᠷᠲᠡᠬᠦ ᠠᠵᠤ ᠠᠬᠤᠶ ᠶᠢᠨ ᠬᠥᠭᠵᠢᠯᠲᠡ ᠶᠢ ᠳᠡᠮᠵᠢᠬᠦ᠂ ᠪᠡᠶᠡᠴᠢᠯᠡᠨ ᠣᠶᠢᠯᠠᠭᠠᠬᠤ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠶᠢ ᠪᠠᠭᠲᠠᠭᠠᠨ᠎ᠠ᠃ | ︵ᠭᠤᠷᠪᠠ︶ ᠭᠤᠣᠯ ᠠᠷᠭ᠎ᠠ ᠬᠡᠮᠵᠢᠶ᠎ᠡ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠲᠤᠰᠠᠳᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ ᠬᠢᠭᠡᠳ | ᠭᠤᠤᠯᠳᠠᠯᠭ᠎ᠠ ᠶᠢᠨ ᠲᠣᠭᠤᠷᠢᠨ ᠳᠤ᠂ ︽ᠲᠥᠯᠥᠪᠵᠢᠭᠦᠯᠭᠡ︾ ᠳᠤ ᠠᠵᠤ ᠦᠢᠯᠡᠰ ᠢ ᠲᠥᠪᠯᠡᠷᠡᠭᠦᠯᠦᠨ ᠲᠠᠰ | ᠳᠡᠪᠰᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ᠂ ᠠᠭᠤᠰᠤᠯᠴᠠᠭᠤᠯᠤᠨ ᠰᠢᠨ᠎ᠡ ᠶᠢ | ᠡᠭᠦᠳᠦᠨ ᠬᠥᠭᠵᠢᠭᠦᠯᠬᠦ᠂ ᠨᠠᠷᠠᠲᠤ ᠲᠡᠮᠳᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ᠂ ᠰᠠᠭᠤᠷᠢ ᠲᠥᠬᠦᠭᠡᠷᠡᠮᠵᠢ ᠶᠢ ᠳᠡᠭᠡᠭᠰᠢᠯᠡᠭᠦᠯᠬᠦ ᠵᠡᠷᠭᠡ ᠵᠢᠷᠭᠤᠭᠠᠨ ᠶᠡᠭᠡ ᠢᠨᠵᠧᠨᠧᠷᠢᠩ ᠢ | ᠬᠡᠷᠡᠭᠵᠢᠭᠦᠯᠬᠦ ᠪᠠᠷ ᠳᠤᠷᠠᠳᠴᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠰᠢᠨ᠎ᠡ ᠴᠢᠳᠠᠪᠤᠷᠢ ᠶᠢᠨ ᠲᠠᠰ | ᠣᠯᠭᠤᠪᠠ᠃ | ᠠᠵᠤ ᠦᠢᠯᠡᠰ ᠢ ᠲᠥᠪᠯᠡᠷᠡᠭᠦᠯᠦᠨ ᠲᠠᠰ ᠳᠡᠪᠰᠢᠭᠦᠯᠬᠦ ᠢᠨᠵᠧᠨᠧᠷᠢᠩ ᠤᠨ ᠲᠠᠯ᠎ᠠ ᠪᠠᠷ᠂ ᠭᠤᠤᠯᠯᠠᠬᠤ | ᠤᠨᠴᠠᠯᠢᠭᠳᠤ ᠠᠵᠤ ᠦᠢᠯᠡᠰ ᠲᠤ ᠠᠩᠬᠠᠷᠤᠯ ᠢᠶᠠᠨ ᠤᠯᠠᠮ ᠲᠥᠪᠯᠡᠷᠡᠭᠦᠯᠵᠦ᠂ ᠡᠯ᠎ᠡ ᠦᠢᠯᠡᠴᠢᠯᠡᠭᠡᠨ ᠤ ᠦᠢᠯᠡᠰ ᠤᠨ | ᠲᠥᠪᠯᠡᠷᠡᠭᠰᠡᠨ ᠣᠷᠣᠨ ᠢ ᠵᠢᠯᠣᠭᠤᠳᠴᠤ ᠪᠠᠶᠢᠭᠠᠳ ︽ᠲᠤᠰᠬᠠᠶᠢᠵᠢᠭᠤᠯᠬᠤ᠂ ᠦᠵᠦᠭᠦᠷᠯᠡᠬᠦ᠂ ᠣᠨᠴᠠᠯᠢᠬᠵᠢᠭᠤᠯᠬᠤ︾ | ᠱᠠᠭᠠᠷᠳᠠᠯᠭ᠎ᠠ ᠶᠣᠰᠣᠭᠠᠷ ᠦᠢᠯᠡᠴᠢᠯᠡᠭᠡᠨ ᠤ ᠴᠢᠳᠠᠪᠤᠷᠢ ᠶᠢᠨ ᠲᠠᠰ ᠢ ᠤᠯᠠᠮ ᠳᠡᠭᠡᠭᠰᠢᠯᠡᠭᠦᠯᠵᠦ᠂ ᠨᠥᠯᠥᠭᠡᠯᠡᠨ | ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠥᠯᠥᠪᠵᠢᠭᠦᠯᠭᠡ ᠶᠢᠨ ᠬᠡᠪᠴᠢᠶ᠎ᠡ ᠥᠷᠭᠡᠨ᠂ ᠠᠵᠤ | ᠦᠢᠯᠡᠰ ᠨᠢ ᠬᠠᠷᠢᠴᠠᠩᠭᠤᠶ ᠲᠠᠷᠠᠬᠠᠶ ᠪᠠᠶᠢᠬᠤ ᠲᠥᠪᠯᠡᠷᠡᠭᠰᠡᠨ ᠣᠷᠣᠨ ᠳᠤ ᠴᠢᠭᠯᠡᠭᠦᠯᠦᠨ᠂ ᠴᠢᠳᠠᠮᠵᠢ ᠶᠢᠨ | ᠪᠠᠶᠢᠷᠢᠰᠢᠯ ᠢ ᠰᠢᠯᠢᠳᠡᠭᠵᠢᠭᠦᠯᠬᠦ᠂ ᠲᠥᠪᠯᠡᠷᠡᠭᠦᠯᠦᠨ ᠬᠥᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠨ᠎ᠠ︔ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠥᠨᠳᠥᠷ᠂ ᠣᠷᠣᠨ ᠵᠠᠶ ᠶᠢᠨ | ᠪᠠᠭᠲᠠᠭᠠᠮᠵᠢ ᠬᠢᠵᠠᠭᠠᠷᠲᠠᠶ ᠲᠥᠪᠯᠡᠷᠡᠭᠰᠡᠨ ᠣᠷᠣᠨ ᠳᠤ᠂ ᠠᠵᠤ ᠦᠢᠯᠡᠰ ᠢ ᠲᠠᠰ ᠳᠡᠪᠰᠢᠭᠦᠯᠬᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ | ᠬᠠᠷᠢᠴᠠᠩᠭᠤᠶ ᠪᠣᠯᠪᠠᠰᠤᠷᠠᠭᠰᠠᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠬᠥᠭᠵᠢᠭᠦᠯᠬᠦ ᠳᠤ᠂ O2O | ᠵᠠᠭᠪᠤᠷ ᠢ ᠰᠦᠪᠡᠭᠴᠢᠯᠡᠨ ᠬᠥᠭᠵᠢᠭᠦᠯᠬᠦ ᠲᠠᠯ᠎ᠠ ᠪᠠᠷ ᠬᠦᠴᠦᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠶᠢᠨ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ︔ ᠲᠤᠭ᠎ᠠ ᠪᠠᠷ ᠣᠯᠠᠨ ᠲᠤᠰᠬᠠᠶ ᠵᠠᠬ᠎ᠠ | ᠳᠡᠯᠭᠡᠭᠦᠷ ᠲᠤ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠬᠠᠳᠠᠭᠠᠯᠠᠨ ᠬᠦᠷᠭᠡᠬᠦ᠂ ᠰᠢᠯᠭᠠᠵᠤ ᠪᠠᠶᠢᠴᠠᠭᠠᠬᠤ ᠬᠡᠮᠵᠢᠬᠦ᠂ | ᠦᠨ᠎ᠡ ᠶᠢ ᠢᠯᠡᠷᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠴᠢᠳᠠᠮᠵᠢ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠭᠤᠤᠯᠳᠠᠭᠤ | ᠮᠡᠳᠡᠭᠡ ᠵᠠᠩᠭᠢ᠂ ᠣᠲᠣ ᠦᠶ᠎ᠡ ᠶᠢᠨ ᠮᠥᠩᠭᠦᠨ ᠭᠦᠢᠯᠭᠡᠭᠡ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡ᠂ ᠰᠣᠶᠣᠯ ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠡᠷ | ᠭᠠᠵᠠᠷ ᠬᠥᠷᠥᠩᠭᠡ ᠵᠡᠷᠭᠡ ᠲᠤᠰᠬᠠᠶ ᠦᠢᠯᠡᠴᠢᠯᠡᠭᠡᠨ ᠤ ᠬᠦᠷᠢᠶᠡᠨ ᠤ ᠲᠣᠭᠤᠷᠢᠨ ᠳᠤ᠂ ᠨᠢᠭᠡ ᠪᠦᠯᠦᠭ ᠠᠵᠤ | ᠦᠢᠯᠡᠰ ᠤᠨ ᠬᠤᠯᠪᠣᠭᠳᠠᠯ ᠶᠡᠭᠡ᠂ ᠭᠤᠤᠯ ᠠᠵᠢᠯ ᠨᠢ ᠲᠣᠪᠤᠶᠢᠮ᠎ᠠ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ | ᠬᠥᠲᠥᠴᠢ ᠠᠵᠤ ᠠᠬᠤᠶᠢᠯᠠᠯ ᠢ ᠪᠣᠶ ᠪᠣᠯᠭᠠᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠲᠦᠷᠭᠡᠪᠴᠢᠯᠡᠨ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ︽ᠲᠥᠷᠪᠡᠨ ᠰᠢᠨ᠎ᠡ︾ ᠠᠵᠤ ᠠᠬᠤᠶ ᠶᠢᠨ | ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠳᠡᠭᠡᠳᠦ ᠦᠵᠦᠭᠦᠷ ᠤᠨ ᠡᠯᠧᠮᠧᠨ᠋ᠲ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠣᠨᠴᠠᠯᠢᠭ ᠨᠢ ᠢᠯᠡ ᠲᠣᠳᠣ᠂ ᠰᠢᠨ᠎ᠡ ᠶᠢ ᠡᠭᠦᠳᠬᠦ ᠨᠢ ᠬᠥᠭᠵᠢᠶᠡᠨᠲᠡᠶ᠂ ᠥᠷᠢᠰᠥᠯᠳᠦᠬᠦ | ᠬᠦᠴᠦᠨ ᠢᠶᠠᠷ ᠴᠢᠩᠭ᠎ᠠ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ | ᠨᠠᠷᠢᠯᠢᠭᠵᠢᠭᠤᠯᠤᠨ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠪᠠ | ᠵᠢᠯᠣᠭᠤᠳᠴᠤ ᠳᠡᠮᠵᠢᠬᠦ ᠪᠠᠨ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠢ | ᠬᠡᠪᠴᠢᠶᠡᠵᠢᠯ ᠠᠴᠠ ᠳᠡᠭᠡᠭᠰᠢ ᠪᠣᠯᠲᠠᠯ᠎ᠠ ᠳᠡᠪᠰᠢᠭᠦᠯᠬᠦ ᠶᠢ ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠢ ᠨᠠᠷᠢᠨ | ᠬᠤᠪᠢᠶᠠᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ᠂ ᠵᠣᠬᠢᠬᠤ ᠰᠢᠨ᠎ᠡ ᠶᠢ ᠡᠭᠦᠳᠬᠦ ᠴᠢᠳᠠᠪᠤᠷᠢ ᠲᠠᠢ ᠨᠢᠭᠡ ᠪᠦᠯᠦᠭ | ︽ᠲᠤᠰᠬᠠᠶ ᠨᠠᠷᠢᠯᠢᠭ ᠣᠨᠴᠠ ᠰᠢᠨ᠎ᠡ︾ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠬᠥᠭᠵᠢᠭᠦᠯᠦᠨ᠎ᠡ᠃ | ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢᠨ ᠢᠨᠵᠧᠨᠧᠷᠢᠩ ᠤᠨ ᠲᠠᠯ᠎ᠠ ᠪᠠᠷ᠂ | ᠦᠢᠯᠡᠴᠢᠯᠡᠭᠡᠨ ᠤ ᠦᠢᠯᠡᠰ ᠪᠣᠯᠤᠨ ᠠᠵᠤ ᠦᠢᠯᠡᠳᠪᠦᠷᠢ ᠶᠢᠨ ᠬᠤᠣᠰ ᠴᠢᠭᠯᠡᠯ ᠤᠨ ᠠᠭᠤᠰᠤᠯᠴᠠᠯ ᠢ ᠠᠬᠢᠭᠤᠯᠵᠤ᠂ | ᠦᠢᠯᠡᠳᠪᠦᠷᠢᠯᠡᠯ ᠤᠨ ᠮᠠᠶ᠋ᠢᠭ ᠤᠨ ᠦᠢᠯᠡᠳᠬᠦ ᠶᠢ ᠦᠢᠯᠡᠴᠢᠯᠡᠭᠡᠨ ᠤ ᠮᠠᠶ᠋ᠢᠭ ᠤᠨ ᠦᠢᠯᠡᠳᠬᠦ ᠲᠡᠶᠢᠰᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠦᠢᠯᠡᠳᠬᠦ ᠭᠤᠭᠴᠤᠭ᠎ᠠ ᠠᠴᠠ ᠰᠤᠳᠤᠯᠤᠨ | ᠨᠡᠭᠡᠭᠡᠵᠦ ᠵᠢᠷᠤᠭᠯᠠᠨ ᠲᠥᠯᠥᠪᠯᠡᠬᠦ ᠪᠠ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠬᠤᠶᠠᠷ ᠦᠵᠦᠭᠦᠷ ᠲᠡᠶᠢᠰᠢ | ᠰᠤᠩᠭᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠯᠬᠤ ᠶᠢ ᠨᠢ ᠳᠡᠮᠵᠢᠵᠦ᠂ ᠲᠣᠨᠤᠭ ᠲᠥᠬᠦᠭᠡᠷᠦᠮᠵᠢ ᠦᠢᠯᠡᠳᠬᠦ | ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠭᠢ᠂ ᠰᠢᠨ᠎ᠡ ᠡᠳ᠋ ᠮᠠᠲ᠋ᠧᠷᠢᠶᠠᠯ᠂ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠬᠦᠷᠢᠶᠡᠨ ᠳᠤ ᠦᠢᠯᠡᠴᠢᠯᠡᠭᠡᠨ ᠤ ᠮᠠᠶ᠋ᠢᠭ ᠤᠨ ᠦᠢᠯᠡᠳᠬᠦ᠂ | ᠣᠶᠤᠨᠴᠢ ᠦᠢᠯᠡᠳᠬᠦ᠂ ᠪᠣᠬᠢᠷᠲᠤᠯ ᠥᠬᠡᠶ ᠦᠢᠯᠡᠳᠬᠦ ᠵᠡᠷᠭᠡ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ | ᠪᠤᠶᠢᠵᠢᠭᠤᠯᠤᠨ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ ᠶᠢᠨ | ᠨᠡᠪᠴᠢᠨ ᠠᠭᠤᠰᠤᠯᠴᠠᠬᠤ ᠶᠢ ᠠᠬᠢᠭᠤᠯᠵᠤ᠂ ︽ᠲᠠᠷᠢᠶᠠᠯᠠᠩ ᠮᠠᠯ ᠠᠵᠤ ᠠᠬᠤᠶ +︾ ᠶᠢᠨ ᠲᠣᠭᠤᠷᠢᠨ ᠳᠤ᠂ | ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠬᠥᠳᠡᠭᠡ ᠨᠤᠲᠤᠭ ᠤᠨ ᠥᠩᠭᠡ ᠦᠵᠡᠮᠵᠢ᠂ ᠨᠤᠲᠤᠭ ᠤᠨ | ᠰᠣᠶᠣᠯ ᠢᠶᠠᠷ ᠲᠦᠰᠢᠭᠯᠡᠭᠰᠡᠨ ᠣᠯᠠᠨ ᠴᠢᠳᠠᠮᠵᠢᠳᠣ ᠪᠦᠲᠦᠭᠡᠯᠴᠢ ᠲᠠᠷᠢᠶᠠᠯᠠᠩ ᠮᠠᠯ ᠠᠵᠤ ᠠᠬᠤᠶ ᠶᠢ ᠵᠣᠷᠢᠭᠵᠢᠭᠤᠯᠤᠨ | ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠬᠢᠭᠡᠳ ᠵᠢᠭᠤᠯᠴᠢᠯᠠᠯ᠂ ᠰᠤᠷᠭᠠᠨ ᠬᠥᠮᠦᠵᠢᠯ᠂ ᠰᠣᠶᠣᠯ᠂ | ᠡᠷᠡᠭᠦᠯᠵᠢᠯ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠳᠣᠲᠣᠭᠠᠳᠤ ᠳᠤ ᠪᠠᠨ ᠭᠦᠨᠵᠡᠭᠡᠶ ᠠᠭᠤᠰᠤᠯᠴᠠᠬᠤ ᠶᠢ ᠵᠣᠷᠢᠭᠵᠢᠭᠤᠯᠵᠤ᠂ ᠠᠷᠠᠯᠵᠢᠶ᠎ᠠ | ᠬᠤᠳᠠᠯᠳᠤᠭ᠎ᠠ᠂ ᠮᠥᠩᠭᠦᠨ ᠭᠦᠢᠯᠭᠡᠭᠡ᠂ ᠮᠡᠳᠡᠭᠡ ᠬᠤᠯᠪᠣᠭ᠎ᠠ᠂ ᠪᠠᠷᠠᠭᠠᠨ ᠤ ᠭᠦᠢᠯᠭᠡᠭᠡ᠂ ᠡᠮ ᠡᠮᠨᠡᠯᠭᠡ᠂ ᠰᠤᠷᠭᠠᠨ | ᠬᠥᠮᠦᠵᠢᠯ᠂ ᠵᠢᠭᠤᠯᠴᠢᠯᠠᠯ᠂ ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠬᠠᠷᠢᠯᠴᠠᠨ ᠠᠭᠤᠰᠤᠯᠴᠠᠬᠤ ᠶᠢ | ᠠᠬᠢᠭᠤᠯᠵᠤ᠂ ︽ᠮᠥᠩᠭᠦᠨ ᠭᠦᠢᠯᠭᠡᠭᠡ +︾᠂ ︽ᠵᠢᠭᠤᠯᠴᠢᠯᠠᠯ +︾᠂ ︽ᠠᠮᠢ ᠠᠬᠤᠶ +︾ ᠵᠡᠷᠭᠡ ᠰᠢᠨ᠎ᠡ ᠪᠠᠷ | ᠬᠥᠭᠵᠢᠭᠰᠡᠨ ᠬᠦᠷᠢᠶᠡᠨ ᠳᠤ ᠰᠢᠨ᠎ᠡ ᠶᠢ ᠡᠭᠦᠳᠦᠨ ᠬᠥᠭᠵᠢᠭᠦᠯᠵᠦ᠂ ᠬᠤᠯᠪᠣᠭᠳᠠᠯ ᠪᠦᠬᠦᠢ ᠦᠢᠯᠡᠴᠢᠯᠡᠭᠡᠨ ᠤ | ᠦᠢᠯᠡᠰ ᠤᠨ ᠪᠠᠶᠢᠳᠠᠯ ᠪᠠ ᠵᠠᠩᠭᠢᠯᠠᠭ᠎ᠠ ᠶᠢ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠶᠢᠯᠡᠯᠲᠡ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠠᠵᠤ | ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ ᠪᠦᠲᠦᠭᠡᠨ᠎ᠡ᠃ | ᠨᠠᠷᠠᠲᠤ ᠲᠡᠮᠳᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ | ᠦᠢᠯᠡᠰ ᠤᠨ ᠨᠠᠷᠠᠲᠤ ᠲᠡᠮᠳᠡᠭᠲᠦ ᠶᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ᠂ ᠰᠢᠨ᠎ᠡ ᠡᠳ᠋ | ᠮᠠᠲ᠋ᠧᠷᠢᠶᠠᠯ᠂ ᠬᠤᠪᠣᠷ ᠰᠢᠷᠣᠶ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ | ᠵᠢᠭᠤᠯᠴᠢᠯᠠᠯ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠤ | ᠥᠪᠡᠷᠲᠡᠭᠡᠨ ᠵᠠᠰᠠᠬᠤ ᠣᠷᠣᠨ ᠤ ᠨᠠᠷᠠᠲᠤ ᠲᠡᠮᠳᠡᠭᠲᠦ ᠶᠢ ᠪᠤᠶᠢᠵᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ | ᠪᠠᠷᠢᠮᠵᠢᠶᠠᠵᠢᠭᠤᠯᠤᠭᠰᠠᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠤᠨ | ᠪᠠᠷᠢᠮᠵᠢᠶ᠎ᠠ ᠶᠢᠨ ᠳᠦᠷᠢᠮ ᠳᠤ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠦᠨ ᠳᠡᠯᠭᠡᠷᠡᠭᠦᠯᠬᠦ ᠶᠢ ᠲᠦᠷᠭᠡᠳᠬᠡᠨ᠎ᠡ᠃ | ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠢᠨᠵᠧᠨᠧᠷᠢᠩ ᠤᠨ ᠲᠠᠯ᠎ᠠ ᠪᠠᠷ᠂ ᠦᠢᠯᠡᠴᠢᠯᠡᠭᠡᠨ ᠤ | ᠬᠦᠷᠢᠶᠡᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠲᠦᠷᠦᠯ ᠬᠤᠪᠢᠶᠠᠨ ᠰᠤᠯᠠᠯᠠᠵᠤ᠂ | ᠥᠷᠢᠰᠥᠯᠳᠦᠭᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠭᠦᠢᠴᠡᠳ ᠰᠤᠯᠠᠯᠠᠨ᠂ ᠬᠢᠵᠠᠭᠠᠷᠲᠤ ᠥᠷᠢᠰᠥᠯᠳᠦᠭᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠲᠤ ᠭᠤᠣᠯᠴᠢ ᠪᠠᠷ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠬᠡᠷᠡᠭᠵᠢᠭᠦᠯᠬᠦ ᠶᠢ ᠠᠬᠢᠭᠤᠯᠵᠤ᠂ ᠠᠶᠠᠨᠳᠠᠭᠠᠨ ᠭᠠᠭᠴᠠᠭᠠᠷ ᠡᠵᠡᠮᠰᠢᠬᠦ | ᠬᠦᠷᠢᠶᠡᠨ ᠳᠠᠬᠢ ᠥᠷᠢᠰᠥᠯᠳᠦᠭᠡᠨ ᠤ ᠴᠢᠨᠠᠷᠲᠠᠶ ᠲᠤᠬᠠᠶᠢᠯᠠᠭᠰᠠᠨ ᠠᠵᠢᠯ ᠤᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠤᠣᠯ ᠴᠣᠭᠴᠠ ᠶᠢᠨ | ᠣᠷᠣᠯᠴᠠᠬᠤ ᠬᠦᠷᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯᠴᠢ ᠪᠠᠷ ᠥᠷᠢᠰᠥᠯᠳᠦᠬᠦ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠭᠤᠣᠯᠴᠢ ᠪᠠᠷ ᠥᠷᠢᠰᠦᠯᠳᠦᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ | ᠪᠣᠯᠭᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠦᠨ᠎ᠡ ᠬᠠᠩᠰᠢ᠂ ᠭᠠᠵᠠᠷ ᠰᠢᠷᠣᠶ ᠵᠡᠷᠭᠡ ᠠᠵᠤ | ᠦᠢᠯᠡᠰ ᠤᠨ ᠲᠦᠷᠦ ᠶᠢᠨ ᠪᠤᠳᠤᠯᠭ᠎ᠠ ᠶᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠯᠪᠡᠷᠢ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠨᠥᠬᠦᠴᠡᠯ ᠳᠤ ᠨᠡᠶᠢᠴᠡᠬᠦ ᠡᠯ᠎ᠡ ᠲᠦᠷᠦᠯ ᠤᠨ ᠥᠮᠴᠢᠯᠡᠯᠲᠦ ᠠᠵᠤ ᠠᠬᠤᠶᠢᠯᠠᠯ ᠤᠨ ᠠᠳᠠᠯᠢ ᠲᠡᠭᠰᠢ ᠪᠠᠷ | ᠬᠦᠷᠲᠡᠬᠦ ᠶᠢ ᠪᠠᠲᠤᠯᠠᠨ᠎ᠠ᠃ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠡᠩ ᠲᠡᠭᠦᠯᠳᠡᠷᠵᠢᠭᠰᠡᠨ | ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ᠂ ᠬᠥᠳᠡᠯᠮᠦᠷᠢ ᠬᠦᠴᠦ᠂ ᠬᠦᠷᠦᠩᠭᠡ᠂ ᠮᠡᠷᠭᠡᠵᠢᠯ᠂ | ᠳ᠋ᠠᠶᠢᠲ᠋ᠠ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ | ᠰᠠᠭᠤᠷᠢ ᠲᠥᠬᠦᠭᠡᠷᠦᠮᠵᠢ ᠶᠢᠨ ᠳᠡᠰ ᠢ ᠳᠡᠪᠰᠢᠭᠦᠯᠬᠦ ᠢᠨᠵᠧᠨᠧᠷᠢᠩ ᠤᠨ ᠲᠠᠯ᠎ᠠ ᠪᠠᠷ᠂ ᠭᠤᠤᠯᠳᠠᠯᠭ᠎ᠠ ᠲᠠᠢ | ᠬᠦᠷᠢᠶ᠎ᠡ ᠪᠠ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ᠂ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ᠂ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠲᠠᠪᠴᠠᠩ ᠤᠨ ᠰᠠᠭᠤᠷᠢ ᠲᠥᠬᠦᠭᠡᠷᠦᠮᠵᠢ᠂ | ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠵᠡᠷᠭᠡ ᠶᠢᠨ ᠳᠡᠰ ᠢ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃ | ᠲᠦᠷᠪᠡ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠡᠷᠬᠢᠨ ᠪᠠᠲᠤᠯᠠᠬᠤ ᠪᠤᠢ︖ | ︵ᠨᠢᠭᠡ︶ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠬᠤᠷᠸ᠎ᠠ ᠵᠢᠯᠣᠭᠤᠳᠣᠯᠭ᠎ᠠ ᠪᠠ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ | ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ ᠪᠣᠯᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ | ᠵᠦᠢᠯ ᠳᠤ ᠪᠠᠨ ᠣᠷᠣᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ | ᠪᠠᠶᠢᠷᠢᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠢᠳᠪᠦᠷᠢᠯᠡᠵᠦ᠂ ᠬᠠᠷᠠᠯᠲᠠ ᠡᠭᠦᠷᠭᠡ ᠶᠢ ᠦᠨᠡᠨ ᠪᠣᠳᠠᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ | ᠲᠥᠷᠥᠯ ᠤᠨ ᠨᠡᠶᠢᠭᠡᠮᠯᠢᠭ ᠤᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠠᠵᠢᠯ ᠲᠥᠷᠥᠯ ᠤᠨ | ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠳᠡᠮᠵᠢᠯᠭᠡ ᠶᠢ ᠪᠠᠲᠤᠯᠠᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠳᠤ ᠡᠳ᠋ ᠤᠨ ᠵᠠᠰᠠᠭ ᠤᠨ ᠨᠥᠬᠦᠪᠥᠷᠢ ᠪᠠ | ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ᠃ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠪᠠᠨ ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠲᠥᠪᠯᠡᠷᠡᠭᠰᠡᠨ | ᠣᠷᠣᠨ ᠤ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠵᠤ ᠪᠠᠯᠠ ᠲᠣᠬᠢᠷᠠᠭᠤᠯᠬᠤ ᠶᠢ ᠨᠢ | ᠭᠤᠤᠯᠳᠠᠯᠭ᠎ᠠ ᠲᠠᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭᠲᠦ᠂ ᠲᠥᠷᠥᠯ ᠵᠦᠢᠯ ᠤᠨ ᠪᠠᠯᠠ ᠳᠣᠭᠢᠷᠠᠭᠤᠯᠬᠤ᠂ ᠥᠮᠴᠢᠯᠡᠬᠦ ᠡᠷᠬᠡ ᠪᠠᠨ ᠰᠣᠯᠢᠬᠤ ᠵᠡᠷᠭᠡ ᠪᠠᠯᠠ | ᠴᠤᠭᠯᠠᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠨ᠎ᠡ᠃ ᠡᠯ᠎ᠡ ᠲᠥᠷᠥᠯ ᠤᠨ ᠦᠢᠯᠡᠰ ᠴᠣᠭᠴᠠᠯᠠᠬᠤ | ᠲᠦᠭᠰᠢᠭᠦᠷᠢᠲᠦ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠪᠠ ᠢᠲᠡᠭᠡᠮᠵᠢ ᠶᠢᠨ ᠳᠠᠭᠠᠭᠠᠯᠲᠠ ᠶᠢᠨ | ᠪᠠᠶᠢᠭᠤᠯᠤᠮᠵᠢ ᠶᠢᠨ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠲᠤᠬᠠᠶᠢᠯᠠᠭᠰᠠᠨ | ᠠᠵᠢᠯ ᠥᠷᠨᠢᠭᠦᠯᠬᠦ ᠶᠢ ᠨᠢ ᠵᠣᠷᠢᠭᠵᠢᠭᠤᠯᠤᠨ᠎ᠠ᠃ | ︵ᠭᠤᠷᠪᠠ︶ ᠴᠢᠳᠠᠪᠤᠷᠢᠲᠠᠨ ᠤ ᠪᠠᠲᠤᠯᠠᠭ᠎ᠠ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ | ᠰᠤᠳᠤᠯᠭᠠᠨ ᠤ ᠪᠠᠶᠢᠭᠤᠯᠤᠮᠵᠢ ᠵᠢᠴᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠣᠯᠠᠨ ᠲᠠᠯ᠎ᠠ ᠶᠢᠨ | ᠴᠢᠳᠠᠪᠤᠷᠢᠲᠠᠨ ᠬᠥᠮᠦᠵᠢᠭᠦᠯᠬᠦ ᠬᠦᠴᠦᠨ ᠢ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠲᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ᠎ᠡ᠃ ᠨᠢᠭᠡ | ᠪᠦᠯᠦᠭ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠶᠢ ᠣᠷᠣᠭᠤᠯᠵᠤ᠂ ᠮᠠᠨ ᠤ ᠣᠷᠣᠨ ᠤ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠠᠰ ᠪᠠ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠨᠢᠭᠡᠨᠲᠡ ᠨᠡᠶᠢᠲᠡᠯᠡᠭᠰᠡᠨ ᠡᠯ᠎ᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠯᠠᠪᠯᠠᠵᠤ᠂ | ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ ᠠᠬᠤᠶᠢᠯᠠᠯᠲᠠᠨ᠂ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠪᠠ ᠭᠤᠤᠯᠯᠠᠭᠴᠢ ᠮᠡᠷᠭᠡᠵᠢᠯ ᠤᠨ ᠠᠵᠢᠯᠲᠠᠨ ᠳᠤ ᠬᠡᠷ ᠬᠤᠳᠠᠯᠳᠤᠨ | ᠠᠪᠬᠤ᠂ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠡᠷ ᠪᠦᠯᠢ ᠶᠢᠨ ᠬᠢᠨᠢ ᠡᠷᠦᠬᠡ ᠠᠮᠠ ᠳᠤ ᠣᠷᠣᠬᠤ | ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ | ︵ᠳᠥᠷᠪᠡ︶ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠲᠡᠭᠦᠯᠳᠡᠷᠵᠢᠭᠦᠯᠦᠨ᠎ᠡ᠃ ᠦᠢᠯᠡᠴᠢᠯᠡᠭᠡᠨ ᠤ | ᠦᠢᠯᠡᠰ ᠤᠨ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠲᠦᠷᠢᠮ ᠢ ᠲᠡᠭᠦᠯᠳᠡᠷᠵᠢᠭᠦᠯᠦᠨ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢ ᠴᠢᠩᠭᠠᠳᠬᠠᠵᠤ᠂ ᠤᠯᠠᠷᠢᠯ᠂ ᠣᠨ ᠤ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠤᠢ ᠪᠣᠯᠭᠠᠨ᠎ᠠ᠃ | ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ | ᠬᠤᠳᠠᠯᠳᠤᠭᠠᠨ ᠤ ᠵᠠᠭᠪᠤᠷ ᠢ ᠪᠦᠷᠢᠳᠬᠡᠬᠦ ᠠᠵᠢᠯ ᠢ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠤᠰᠬᠠᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ | ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ | ᠳ᠋ᠦᠩᠨᠡᠯᠲᠡ ᠶᠢ ᠥᠷᠨᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ | ᠲᠤᠭ᠎ᠠ ᠪᠦᠷᠢᠳᠬᠡᠯ ᠤᠨ ᠪᠣᠯᠪᠠᠰᠤᠷᠠᠯ ᠬᠢᠭᠡᠳ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ | ᠣᠨᠣᠪᠴᠢᠲᠠᠶ ᠲᠤᠰᠬᠠᠵᠤ᠂ ᠬᠡᠪᠴᠢᠶᠡᠵᠢᠯ ᠠᠴᠠ ᠳᠣᠷᠣᠭᠰᠢᠬᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠢᠮ ᠢ ᠤᠯᠠᠮ ᠪᠥᠷᠢᠨᠰᠢᠬᠦᠯᠥᠨ | ᠲᠡᠭᠦᠯᠳᠡᠷᠵᠢᠭᠦᠯᠦᠨ᠎ᠡ᠃ | ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠷᠠᠭᠤᠯᠤᠨ᠎ᠠ᠃ ᠠᠵᠤ ᠦᠢᠯᠡᠰ ᠤᠨ | ᠪᠠᠶᠢᠷᠢ ᠲᠣᠭᠲᠠᠭᠠᠯᠲᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠵᠥᠪᠰᠢᠶᠡᠷᠡᠨ ᠣᠷᠣᠭᠤᠯᠬᠤ ᠨᠥᠬᠦᠴᠡᠯ᠂ | ᠭᠠᠵᠠᠷ ᠰᠢᠷᠣᠶ ᠶᠢᠨ ᠬᠠᠳᠠᠭᠠᠯᠠᠯᠲᠠ ᠶᠢᠨ ᠬᠡᠮᠵᠢᠶ᠎ᠡ ᠵᠡᠷᠭᠡ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠵᠦ᠂ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ᠂ ᠬᠢᠯᠢ ᠶᠢᠨ ᠳᠣᠲᠣᠨ᠎ᠠ ᠭᠠᠳᠠᠨᠠᠬᠢ ᠪᠠᠯᠠ ᠣᠷᠣᠭᠤᠯᠤᠭᠴᠢᠳ ᠲᠤ ᠨᠠᠩ | ᠣᠨᠣᠪᠴᠢᠲᠠᠶ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠬᠠᠩᠭᠠᠨ᠎ᠠ᠃ ᠭᠠᠳᠠᠭᠠᠳᠤ ᠳᠠᠬᠢ ᠬᠤᠳᠠᠯᠳᠤᠭᠠᠴᠢᠨ | ᠤᠷᠢᠬᠤ ᠪᠠᠶᠢᠭᠤᠯᠤᠮᠵᠢ ᠶᠢᠨ ᠲᠠᠪᠴᠠᠩ ᠢ ᠭᠦᠢᠴᠡᠳ ᠠᠰᠢᠭᠯᠠᠨ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠶ ᠥᠷᠨᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠪᠦᠯᠬᠦᠮ ᠲᠣᠮᠢᠯᠠᠨ᠂ ᠬᠠᠷᠠᠯᠲᠠᠲᠤ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠲᠥᠷᠥᠯ ᠵᠦᠢᠯ ᠤᠨ ᠬᠥᠮᠥᠷᠭᠡ᠂ ᠡᠬᠢ | ᠪᠠᠶᠠᠯᠢᠭ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠢᠨᠲ᠋ᠧᠷ ᠰᠦᠯᠵᠢᠶ᠎ᠡ ᠶᠢᠨ | ᠬᠤᠳᠠᠯᠳᠤᠭᠠᠴᠢᠨ ᠤᠷᠢᠬᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ | ᠲᠠᠨᠢᠯᠴᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠷᠭ᠎ᠠ ᠶᠢ ᠨᠢᠭᠡᠳᠦᠯᠲᠡᠶ | ᠲᠥᠯᠥᠪᠯᠡᠨ᠂ ᠠᠵᠤ ᠠᠬᠤᠶᠢᠯᠠᠯ ᠤᠨ ᠰᠣᠯᠢᠯᠴᠠᠭ᠎ᠠ᠂ ᠲᠥᠷᠥᠯ ᠵᠦᠢᠯ ᠢ ᠲᠠᠨᠢᠯᠴᠠᠭᠤᠯᠬᠤ᠂ ᠪᠠᠩᠬᠢ ᠪᠠ ᠠᠵᠤ | ᠠᠬᠤᠶᠢᠯᠠᠯ ᠢ ᠵᠣᠯᠭᠠᠭᠤᠯᠬᠤ ᠶᠡᠷᠦᠩᠬᠡᠶᠢᠯᠡᠭᠰᠡᠨ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ︽ᠲᠥᠷᠥᠯ ᠵᠦᠢᠯ ᠤᠨ ᠬᠡᠲᠦ ᠳᠡᠯᠭᠡᠭᠦᠷ︾ ᠢ ᠪᠥᠲᠥᠭᠡᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ ᠳᠤ | ᠨᠡᠶᠢᠴᠡᠬᠦ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯᠯᠠᠭᠤᠯᠬᠤ ᠶᠢ ᠲᠠᠲᠠᠬᠤ ᠪᠠ ᠠᠬᠢᠭᠤᠯᠤᠨ᠎ᠠ᠃ | |