ᠲᠦᠷᠦᠭᠦᠦ 7 ᠰᠠᠷ᠎ᠠ ᠳᠤ ᠮᠠᠨ ᠤ ᠲᠤᠭᠤᠷᠢᠭ ᠤᠨ ᠪᠠᠯᠠ ᠣᠷᠣᠭᠤᠯᠤᠯᠲᠠ ᠶᠡᠷᠦᠩᠬᠡᠶ ᠳᠡᠭᠡᠨ ᠲᠣᠭᠲᠠᠭᠤᠨ
ᠨᠡᠶᠢᠲᠡᠯᠡᠭᠰᠡᠨ ᠴᠠᠭ᠄
2021/9/4
     ᠲᠦᠷᠦᠭᠦᠦ 7 ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ  ᠢᠶᠠᠷ 13.9 ᠬᠤᠪᠢ ᠬᠤᠷᠳᠤᠨ ᠪᠤᠯᠵᠤ᠂ 2019 ᠣᠨ ᠤ ᠬᠢ ᠠᠴᠠ 37.2% ᠪᠠᠷ ᠨᠡᠮᠡᠭᠳᠡᠵᠦ᠂ ᠬᠤᠶᠠᠷ ᠵᠢᠯ ᠳᠤ ᠲᠡᠭᠰᠢᠳᠭᠡᠭᠡᠳ ᠳᠤᠮᠳᠠᠴᠢ ᠪᠠᠷ 17.1% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 9.8 ᠬᠤᠪᠢ ᠥᠨᠳᠥᠷ ᠪᠣᠯᠵᠠᠶ᠃ ᠡᠭᠦᠨ ᠳᠤ᠂ ᠬᠤᠶᠠᠳᠤᠭᠠᠷ ᠠᠵᠤ ᠦᠢᠯᠡᠰ 218.3% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨᠤ ᠬᠠᠷᠢᠴᠠᠯ ᠢᠶᠠᠷ 51.3 ᠬᠤᠪᠢ ᠬᠤᠷᠳᠤᠨ ᠪᠤᠯᠵᠤ᠂ ᠪᠥᠬᠦ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠤᠪᠢ ᠶᠢᠨ ᠵᠢᠩ 45.7% ᠪᠣᠯᠵᠠᠶ︔ ᠭᠤᠷᠪᠠᠳᠤᠭᠠᠷ ᠠᠵᠤ ᠦᠢᠯᠡᠰ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 3.3 ᠬᠤᠪᠢ ᠪᠠᠭᠠᠰᠴᠤ᠂ ᠪᠥᠬᠦ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ 54.3% ᠪᠣᠯᠵᠠᠶ᠃ ︵ᠲᠤᠭ᠎ᠠ ᠪᠦᠷᠢᠳᠬᠡᠯ ᠤᠨ ᠲᠤᠪᠴᠢᠶ᠎ᠡ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号