ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠥᠨᠳᠡᠯᠡᠨ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠬᠡᠵᠢᠬᠦᠯᠬᠦ ᠶᠢ | ᠪᠠᠷᠢᠮᠲᠠᠯᠠᠵᠤ᠂ ︽ᠪᠢ ᠣᠯᠠᠨ ᠲᠦᠮᠡᠨ ᠳᠤ ᠪᠣᠲᠠᠲᠠᠢ ᠠᠵᠢᠯ ᠬᠢᠬᠦ︾ ᠦᠢᠯᠡᠳᠦᠯᠬᠡ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠣᠯᠠᠨ ᠲᠦᠮᠡᠨ ᠤ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ | | ᠠᠵᠢᠯ ᠣᠯᠭᠤᠯᠲᠠ ᠶᠢ ᠪᠠᠳᠤᠯᠠᠵᠤ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠪᠠ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠦᠨᠳᠦᠰᠦ ᠶᠢ ᠪᠠᠬᠢᠵᠢᠭᠦᠯᠪᠡ᠃ 1545 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠤᠬᠳᠠᠪᠤᠷᠢᠵᠢᠭᠤᠯᠤᠬᠰᠠᠨ ᠡᠬᠡᠬᠦᠯᠦᠨ ᠪᠤᠴᠠᠭᠠᠬᠤ ᠪᠠᠯᠠ ᠮᠥᠩᠭᠦ ᠶᠢ 269.45 ᠲᠦᠮᠡᠨ ᠲᠥᠭᠦᠷᠢᠭ ᠲᠠᠷᠬᠠᠭᠠᠵᠤ᠂ | 100 ᠠᠵᠤ ᠠᠬᠤᠶᠢᠯᠠᠯ ᠳᠤ ᠪᠤᠳᠠᠳᠠᠢ ᠠᠵᠢᠯ ᠤᠨ ᠪᠠᠶᠢᠷᠢ ᠲᠡᠭᠡᠷ᠎ᠡ ᠪᠣᠯᠪᠠᠰᠤᠷᠠᠯ ᠬᠦᠷᠳᠡᠬᠡᠬᠦ ᠶᠢ ᠣᠷᠣᠯᠠᠭᠤᠯᠬᠤ | ᠨᠥᠬᠦᠪᠥᠷᠢ ᠶᠢᠨ ᠪᠠᠯᠠ ᠮᠥᠩᠭᠦ ᠶᠢ 889.5 ᠲᠦᠮᠡᠨ ᠲᠥᠭᠦᠷᠢᠭ ᠲᠠᠷᠬᠠᠭᠠᠵᠤ᠂ 197 ᠦᠢᠯᠡᠳᠪᠦᠷᠢ | ᠬᠤᠳᠠᠯᠳᠤᠭᠠᠨ ᠤ ᠬᠤᠪᠢ ᠡᠷᠦᠬᠡ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 9313 ᠲᠦᠮᠡᠨ | ᠲᠥᠭᠦᠷᠢᠭ ᠤᠨ ᠦᠢᠯᠡᠰ ᠪᠤᠰᠬᠠᠬᠤ ᠵᠢᠭᠡᠯᠡᠯᠭᠡ ᠲᠠᠯᠪᠢᠵᠤ᠂ ᠠᠵᠢᠯ ᠣᠯᠭᠤᠯᠲᠠ ᠶᠢᠨ ᠪᠠᠯᠠ ᠮᠥᠩᠭᠦ ᠪᠠᠷ ᠠᠵᠢᠯ | ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠪᠠ᠃ ᠣᠯᠠᠨ ᠵᠦᠢᠯ | ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠪᠠᠳᠤᠯᠠᠪᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠠᠵᠢᠯᠴᠢᠨ ᠤᠷᠢᠨ ᠡᠯᠰᠡᠬᠦ ᠲᠠᠪᠴᠠᠩ᠂ ︽ᠠᠵᠢᠯ | ᠣᠯᠭᠤᠯᠲᠠ ᠶᠢᠨ ᠵᠠᠭᠤᠴᠢ︾ ᠶᠢᠨ ᠨᠢᠭᠡ ᠬᠦᠮᠦᠨ ᠨᠢᠭᠡ ᠶᠢ ᠬᠠᠪᠰᠤᠷᠤᠨ ᠲᠡᠳᠬᠦᠬᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠤᠬᠢᠷᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷ᠊ᠠᠭᠤᠯᠵᠠᠢ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ ᠶᠢ 53 | ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 751 ᠭᠠᠷᠤᠶ ᠠᠵᠤ ᠠᠬᠤᠶᠢᠯᠠᠯ ᠤᠨ ᠬᠠᠩᠭᠠᠭᠰᠠᠨ 1.9 | ᠲᠦᠮᠡᠨ ᠠᠵᠢᠯ ᠤᠨ ᠪᠠᠶᠢᠷᠢ ᠶᠢᠨ ᠠᠵᠢᠯᠲᠠᠨ ᠠᠵᠢᠯᠴᠢᠨ ᠤᠷᠢᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠵᠦ᠂ ᠬᠤᠲᠠ | ᠪᠠᠯᠭᠠᠰᠤᠨ ᠤ 9159 ᠬᠥᠮᠦᠨ ᠳᠤ ᠰᠢᠨ᠎ᠡ ᠪᠠᠷ ᠠᠵᠢᠯ ᠣᠯᠭᠤᠵᠤ᠂ 4065 ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠳᠡᠢ 1313 ᠬᠥᠮᠦᠨ ᠳᠤ ᠠᠵᠢᠯ ᠣᠯᠭᠤᠵᠤ᠂ | ᠬᠤᠲᠠ ᠪᠠᠯᠭᠠᠰᠤᠨ ᠤ ᠠᠵᠢᠯ ᠠᠯᠳᠠᠬᠰᠠᠨ 3978 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠣᠷᠣᠨ | ᠪᠦᠰᠡ ᠶᠢᠨ ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠶ ᠳᠤᠨᠢ ᠲᠣᠭᠲᠠᠭᠤᠨ ᠪᠠᠶᠢᠯᠭᠠᠪᠠ᠃ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠠᠤ ᠬᠡᠪᠴᠢᠶ᠎ᠡ ᠶᠢ ᠦᠷᠬᠡᠳᠬᠡᠪᠡ | ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠠᠰᠠᠷᠠᠮᠵᠢ᠂ | ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ | ᠲᠤᠰ ᠲᠤᠰ 6.6 ᠲᠦᠮᠡᠨ ᠬᠥᠮᠦᠨ᠂ 34 ᠲᠦᠮᠡᠨ ᠬᠥᠮᠦᠨ ᠪᠠ 2.4 ᠲᠦᠮᠡᠨ ᠬᠥᠮᠦᠨ ᠳᠤ ᠬᠦᠷᠴᠦ᠂ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠥᠮᠦᠨ ᠤᠯᠠᠮ ᠥᠷᠭᠡᠨ ᠪᠣᠯᠪᠠ᠃ 8 ᠰᠠᠷ᠎ᠠ ᠶᠢᠨ ᠡᠴᠦᠰ ᠪᠣᠯᠲᠠᠯ᠎ᠠ᠂ | 24394 ᠠᠵᠢᠯ ᠠᠴᠠ ᠪᠠᠨ ᠠᠮᠠᠷᠠᠬᠰᠠᠨ ᠠᠵᠢᠯᠲᠠᠨ ᠠᠵᠢᠯᠴᠢᠨ ᠳᠤ 56509.51 ᠲᠦᠮᠡᠨ ᠲᠥᠭᠦᠷᠢᠭ ᠤᠨ | ᠴᠠᠯᠢᠩ ᠣᠯᠭᠤᠪᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠬᠥᠮᠦᠨ ᠪᠦᠷᠢ ᠶᠢᠨ ᠳᠤᠮᠳᠠᠴᠢ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ 2187.78 ᠲᠥᠭᠦᠷᠢᠭ ᠪᠠᠶᠢᠭᠰᠠᠨ ᠢ ᠨᠡᠮᠡᠭᠳᠡᠬᠦᠯᠦᠭᠡᠳ | ᠰᠠᠷ᠎ᠠ ᠪᠦᠷᠢ 2312.68 ᠲᠥᠭᠦᠷᠢᠭ ᠪᠣᠯᠭᠠᠵᠦ᠂ ᠰᠠᠷ᠎ᠠ ᠳᠤ ᠬᠥᠮᠦᠨ ᠪᠦᠷᠢ ᠳᠤᠮᠳᠠᠴᠢ ᠪᠠᠷ 124.9 | ᠲᠥᠭᠦᠷᠢᠭ ᠨᠡᠮᠡᠭᠳᠡᠭᠦᠯᠵᠦ᠂ ᠪᠦᠬᠦ ᠲᠤᠭᠤᠷᠢᠭ ᠤᠨ18583 ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ | ᠠᠮᠠᠷᠠᠭᠰᠠᠳ ᠲᠤ 1392.62 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠨᠥᠬᠦᠵᠦ | ᠦᠭᠬᠦᠭᠰᠡᠨ ᠪᠠᠶᠢᠨ᠎ᠠ᠃ | | ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠬᠦᠯᠦᠰᠦᠨ ᠲᠠᠷᠢᠶᠠᠴᠢᠨ ᠤᠨ ᠬᠠᠤᠯᠢ ᠶᠣᠰᠣᠭᠠᠷ ᠣᠶᠤᠨᠴᠢ ᠪᠠᠷ ᠡᠷᠬᠡ ᠠᠰᠢᠭ ᠢᠶᠠᠨ ᠬᠠᠮᠠᠭᠠᠯᠠᠬᠤ ᠦᠵᠡᠯ | ᠤᠬᠠᠮᠰᠠᠷ ᠢ ᠨᠡᠮᠡᠭᠳᠡᠭᠦᠯᠵᠦ᠂ ᠬᠦᠯᠦᠰᠦᠨ ᠲᠠᠷᠢᠶᠠᠴᠢᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ | ᠠᠰᠢᠭ ᠢ ᠪᠠᠲᠤᠯᠠᠬᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠤᠭᠤᠷᠢᠨ ᠢ ᠪᠣᠶ ᠪᠣᠯᠭᠠ᠊ᠵᠠᠢ᠃ ᠪᠦᠬᠦ | ᠲᠤᠭᠤᠷᠢᠭ ᠤᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠬᠠᠷᠢᠶ᠎ᠠ | ᠣᠷᠣᠨ ᠤ ᠪᠠᠷᠢᠯᠭ᠎ᠠ ᠶᠢᠨ ᠭᠠᠵᠠᠷ᠂ ᠬᠤᠨᠤᠭ ᠪᠠᠭᠤᠳᠠᠯ ᠢᠳᠡᠭᠡᠨ ᠤᠮᠳᠠᠭᠠᠨ ᠪᠠ ᠡᠳ᠋ᠰᠢᠬᠦᠯᠵᠤ ᠦᠢᠯᠡᠳᠬᠦ ᠵᠡᠷᠭᠡ | ᠬᠥᠳᠡᠯᠮᠦᠷᠢ ᠬᠦᠴᠦᠨ ᠨᠢᠭᠲᠠᠷᠬᠠᠰᠠᠨ ᠬᠡᠯᠪᠡᠷᠢ ᠶᠢᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ ᠠᠵᠤ | ᠠᠬᠤᠶᠢᠯᠠᠯ ᠢ ᠵᠢᠯᠣᠭᠤᠳᠤᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠵᠢᠷᠤᠮᠵᠢᠭᠤᠯᠵᠤ᠂ ᠴᠠᠯᠢᠩ ᠥᠷᠢᠲᠦᠬᠦ | ᠳᠠᠯᠳᠠ ᠭᠡᠮ ᠢ ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠰᠢᠢᠳᠪᠦᠷᠢᠯᠡᠬᠦ ᠶᠢ ᠴᠢᠷᠮᠠᠶᠢᠨ ᠪᠡᠶᠡᠯᠡᠬᠦᠯᠵᠡᠢ᠃ | ᠬᠥᠨᠳᠡᠯᠡᠨ ᠲᠣᠭᠤᠷᠢᠭ ᠤᠨ 2021 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ | ᠬᠤᠷᠠᠯ ᠢ ᠬᠤᠷᠠᠯᠳᠤᠭᠤᠯᠵᠤ᠂ ᠡᠭᠦᠷᠭᠡ ᠪᠠᠨ ᠲᠣᠳᠣᠷᠬᠠᠶᠢᠯᠠᠵᠤ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠪᠠ᠃ | ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠢ ᠤᠬᠠᠭᠤᠯᠬᠤ ᠠᠵᠢᠯᠯᠠᠭ᠎ᠠ ᠶᠢ 13 | ᠤᠳᠠᠭ᠎ᠠ ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ | ᠬᠠᠮᠲᠤᠷᠠᠭᠰᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠤᠶᠠᠯᠳᠤᠭᠤᠯᠵᠤ᠂ | ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ 3 ᠤᠳᠠᠭ᠎ᠠ ᠥᠷᠨᠢᠭᠦᠯᠵᠦ᠂ ᠣᠯᠠᠨ ᠰᠠᠯᠠᠭ᠎ᠠ ᠮᠥᠴᠢᠷ | ᠬᠠᠮᠲᠤᠷᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 7 ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ | 387 ᠠᠵᠤ ᠠᠬᠤᠶᠢᠯᠠᠯ ᠢ ᠪᠠᠶᠢᠴᠠᠭᠠᠵᠤ᠂ ᠴᠠᠯᠢᠩ ᠢ ᠥᠷᠢᠲᠦᠭᠰᠡᠨ ᠡᠯ᠎ᠡ ᠲᠥᠷᠥᠯ ᠤᠨ 371 ᠬᠡᠷᠡᠭ ᠢ | ᠰᠢᠢᠳᠪᠦᠷᠢᠯᠡᠵᠤ᠂ 1622 ᠬᠥᠳᠡᠯᠮᠦᠷᠢᠴᠢᠨ ᠳᠤ ᠬᠤᠯᠪᠤᠬᠳᠠᠵᠤ᠂ ᠬᠡᠷᠡᠭ ᠲᠤ ᠬᠤᠯᠪᠤᠬᠳᠠᠬᠰᠠᠨ ᠵᠤᠭᠤᠰ 2827. | 93 ᠲᠦᠮᠡᠨ ᠲᠥᠭᠦᠷᠢᠭ ᠲᠤ ᠬᠦᠷᠴᠦ᠂ ᠴᠠᠯᠢᠩ ᠥᠷᠢᠲᠦᠬᠦ ᠪᠠᠶᠢᠳᠠᠯ ᠢ ᠦᠨᠳᠦᠰᠦᠨ ᠠᠴᠠ ᠨᠢ ᠵᠠᠰᠠᠬᠤ ᠪᠠᠶᠢᠳᠠᠯ | ᠶᠡᠷᠦᠩᠬᠡᠶ ᠳᠡᠭᠡᠨ ᠰᠠᠶᠢᠵᠢᠷᠠᠪᠠ᠃ | ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠬᠤᠷᠳᠤᠴᠠ ᠶᠢ ᠲᠦᠷᠬᠡᠳᠭᠡᠪᠡ | ︽ ᠦᠳᠳᠡᠷ ᠲᠦᠷᠭᠡᠨ ᠬᠡᠷᠡᠭ ᠪᠤᠯᠭᠠᠨ ᠳᠠᠩᠰᠠᠯᠠᠬᠤ᠂ ᠲᠦᠷᠭᠡᠨ ᠰᠢᠬᠦᠨ ᠲᠠᠰᠤᠯᠬᠤ᠂ ᠲᠦᠷᠭᠡᠨ | ᠰᠢᠢᠳᠪᠦᠷᠢᠯᠡᠵᠤ ᠳᠠᠭᠤᠰᠬᠠᠬᠤ︾ ᠲᠣᠭᠲᠠᠴᠠ ᠶᠢ ᠪᠠᠶᠢᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠢ ᠴᠠᠭ | ᠲᠤᠬᠠᠢ ᠳᠤᠨᠢ ᠰᠢᠢᠳᠪᠦᠷᠢᠯᠡᠪᠡ᠃ ᠠᠵᠤ ᠠᠬᠤᠶᠢᠯᠠᠯ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ | ᠺᠣᠮᠢᠰ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠡᠷᠡᠭ ᠢ ᠡᠶᠡᠳᠡᠭᠦᠯᠦᠭᠡᠳ ᠠᠮᠵᠢᠯᠲᠠ ᠣᠯᠤᠭᠰᠠᠨ | ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠥᠳᠡᠯᠮᠦᠷᠢ ᠶᠢᠨ ᠮᠠᠷᠭᠤᠯᠳᠤᠭᠠᠨ ᠢ ᠡᠬᠢ ᠡᠭᠦᠰᠦᠯ ᠠᠴᠠ ᠨᠢ | ᠰᠢᠢᠳᠪᠦᠷᠢᠯᠡᠬᠦ ᠪᠠᠷ ᠴᠢᠷᠮᠠᠶᠢᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠨ | ᠬᠠᠮᠠᠭᠠᠯᠠᠪᠠ᠃ ᠣᠳᠣᠬᠠᠨ ᠪᠣᠯᠲᠠᠯ᠎ᠠ᠂ 222ᠬᠥᠳᠡᠯᠮᠦᠷᠢ ᠶᠢᠨ ᠮᠠᠷᠭᠤᠯᠳᠤᠭᠠᠨ ᠢ ᠲᠠᠰᠤᠯᠠᠨ ᠰᠢᠬᠦᠵᠤ ᠳᠠᠭᠤᠰᠬᠠᠵᠤ | ᠂ ᠬᠡᠷᠡᠭ ᠢ ᠰᠢᠢᠳᠪᠦᠷᠢᠯᠡᠵᠤ ᠳᠠᠭᠤᠰᠬᠠᠭᠰᠠᠨ ᠨᠣᠷᠮ᠎ᠠ 79% ᠳᠤ ᠬᠦᠷᠴᠦ᠂ 232 ᠬᠥᠳᠡᠯᠮᠦᠷᠢᠴᠢᠨ ᠤᠨ ᠡᠯ᠎ᠡ | ᠲᠥᠷᠥᠯ ᠤᠨ ᠠᠵᠤ ᠠᠬᠤᠶ ᠶᠢᠨ ᠬᠤᠬᠢᠷᠠᠯ ᠢ 620 ᠲᠦᠮᠡᠨ ᠲᠥᠭᠦᠷᠢᠭ ᠡᠭᠡᠭᠦᠯᠦᠨ ᠦᠭᠴᠦ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃ ︵ᠨᠠᠶᠢᠷᠠᠭᠤᠯᠤᠭᠴᠢ᠄ ᠵᠧᠦ | ᠷᠦ ︶ |