【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠪᠡ 】 ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 7 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠡᠯᠡᠳᠬᠡᠯ ᠬᠤᠷᠠᠯ ᠬᠢᠪᠠ᠃
     ᠬᠥᠨᠳᠡᠯᠡᠨ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠢᠶᠦ᠋ᠨ ᠺᠠᠩ ᠬᠤᠷᠠᠯ ᠡᠷᠭᠢᠯᠡᠪᠡ᠃     ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ 243 ᠲᠥᠯᠥᠭᠡᠯᠡᠭᠴᠢ ᠣᠷᠣᠯᠴᠠᠵᠤ᠂ ᠪᠡᠯᠡᠳᠬᠡᠯ ᠬᠤᠷᠠᠯ ᠳᠤ 236 ᠲᠥᠯᠥᠭᠡᠯᠡᠭᠴᠢ ᠣᠷᠣᠯᠴᠠᠵᠤ᠂ ᠨᠢᠭᠡᠨᠳᠡ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃     ᠬᠤᠷᠠᠯ ᠠᠴᠠ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠢᠯ ᠢ ᠪᠠᠲᠤᠯᠠᠵᠤ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ᠂ ᠲᠥᠯᠥᠪᠯᠡᠭᠡ ᠲᠥᠰᠦᠪ ᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠬᠦᠨ ᠤ ᠨᠡᠷᠡᠰ ᠪᠣᠯᠤᠨ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠪᠦᠷᠢᠯᠳᠦᠬᠦᠨ ᠤ ᠨᠡᠷᠡᠰ ᠢ ᠪᠠᠲᠤᠯᠠᠵᠠᠶ᠃      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠦᠵᠡᠪᠡ᠃      ︵ᠰᠤᠷᠪᠤᠯᠵᠢᠯᠠᠭᠴᠢ᠄ ᠹᠧᠩ ᠰᠢᠤᠸᠠᠢ᠂ ᠯᠸᠢ ᠶᠤᠸᠠᠨ ᠶᠤᠸᠠᠨ᠂ ᠭᠤᠤ ᠰᠢᠤᠢ᠂ ᠶᠠᠩ ᠧᠨ ᠨᠢᠩ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号